ᠵᠤᠬᠢᠶᠠᠭᠴᠢ:
ᠴᠠᠭ:2022-03-25
ᠥᠵᠡᠭᠰᠡᠨ : ℃
ᠢᠷᠡᠯᠲᠡ: ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
ᠸᠠᠩ ᠯᠢ ᠰᠢᠶᠠ ᠤᠯᠠᠭᠠᠨᠴᠠᠪ ᠲᠤ ᠠᠮᠤ ᠪᠤᠳᠠᠭᠠᠨ ᠤ ᠠᠮᠤᠷ ᠲᠦᠪᠰᠢᠨ ᠤ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠠᠮᠤ ᠪᠤᠳᠠᠭᠠᠨ ᠤ ᠠᠮᠤᠷ ᠲᠦᠪᠰᠢᠨ ᠤ ᠡᠨᠡᠬᠦ ᠬᠥᠪᠴᠢ ᠶᠢ ᠢᠮᠠᠭᠲᠠ ᠴᠢᠩᠭᠠᠷᠠᠭᠤᠯᠵᠤ ᠠᠮᠤ ᠪᠤᠳᠠᠭᠠᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠬᠤ ᠬᠡᠷᠡᠭᠲᠡᠢ
ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠪᠠ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠠᠮᠲᠤᠷᠠᠭᠰᠠᠨ ᠳᠤᠭᠤᠶᠢᠯᠠᠩ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠬᠤ ᠶᠢᠨ ᠲᠥᠯᠥᠭᠡ᠂ 3 ᠳ᠋ᠤᠭᠠᠷ ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠤᠯᠠᠭᠠᠨᠴᠠᠪ ᠬᠤᠲᠠ ᠳᠤ ᠬᠦᠷᠴᠦ᠂ ᠠᠮᠤ ᠪᠤᠳᠠᠭᠠᠨ ᠤ ᠠᠮᠤᠷ ᠲᠦᠪᠰᠢᠨ ᠤ ᠠᠵᠢᠯ ᠤᠨ ᠲᠤᠬᠠᠶ ᠪᠠᠶᠢᠴᠠᠭᠠᠨ ᠰᠤᠳᠤᠯᠤᠯᠲᠠ ᠬᠢᠵᠦ᠂ ᠠᠮᠤ ᠪᠤᠳᠠᠭᠠᠨ ᠤ ᠠᠮᠤᠷ ᠲᠦᠪᠰᠢᠨ ᠤ ᠡᠨᠡ ᠬᠦ ᠬᠥᠪᠴᠢ ᠶᠢ ᠢᠮᠠᠭᠲᠠ ᠴᠢᠩᠭᠠᠷᠠᠭᠤᠯᠵᠤ ᠂ ᠠᠮᠤ ᠪᠤᠳᠠᠭᠠᠨ ᠤ ᠠᠮᠤᠷ ᠲᠦᠪᠰᠢᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠤᠩ ᠹᠦ᠋ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠳᠤ ᠬᠦᠷᠴᠦ᠂ ᠸᠠᠩ ᠯᠢ ᠰᠢᠶᠠ ᠤᠶᠤᠨᠲᠤ ᠬᠦᠯᠡᠮᠵᠢ ᠳᠤ ᠣᠷᠣᠵᠤ᠂ ᠢᠳᠡᠰᠢᠨ ᠨᠣᠭᠤᠭ᠎ᠠ ᠶᠢ ᠰᠢᠷᠣᠢ ᠦᠭᠡᠢ ᠪᠠᠷ ᠪᠣᠶᠢᠵᠢᠭᠤᠯᠬᠤ᠂ ᠪᠣᠰᠤᠭ᠎ᠠ ᠴᠣᠭᠴᠠ ᠪᠠᠷ ᠲᠠᠷᠢᠬᠤ᠂ ᠤᠰᠤ ᠪᠤᠷᠳᠤᠭᠤᠷ ᠢ ᠡᠵᠡᠮᠳᠡᠬᠦ ᠰᠢᠰᠲ᠋ᠧᠮ ᠢ ᠰᠢᠨᠵᠢᠯᠡᠨ ᠪᠠᠶᠢᠴᠠᠭᠠᠵᠤ᠂ ᠤᠰᠤ ᠪᠤᠷᠳᠤᠭᠤᠷ ᠢ ᠨᠢᠭᠡ ᠴᠤᠭᠴᠠᠵᠢᠭᠤᠯᠤᠭᠰᠠᠨ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠵᠤ ᠬᠤᠷᠣᠭᠳᠠᠯ ᠢ ᠪᠠᠭᠠᠰᠬᠠᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠥᠨᠳᠥᠷ ᠪᠦᠲᠦᠮᠵᠢᠲᠡᠢ᠂ ᠬᠤᠷᠣᠭᠳᠠᠯ ᠪᠠᠭ᠎ᠠ᠂ ᠠᠮᠢ ᠠᠬᠤᠢ ᠶᠢᠨ᠂ ᠴᠢᠨᠠᠷ ᠰᠠᠶᠢᠲᠠᠢ᠂ ᠠᠮᠤᠷ ᠲᠦᠪᠰᠢᠨ ᠪᠠᠶᠢᠬᠤ ᠶᠢ ᠪᠠᠷᠢᠮᠲᠠᠯᠠᠵᠤ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠶᠢ ᠶᠡᠬᠡᠪᠡᠷ ᠳᠡᠭᠡᠭᠰᠢᠯᠡᠭᠦᠯᠵᠦ᠂ ᠭᠠᠵᠠᠷ ᠰᠢᠷᠣᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ᠃ ᠣᠷᠣᠨ ᠪᠠᠶᠢᠷᠢ ᠶᠢᠨ ᠳᠠᠪᠠᠭᠤᠯᠢᠭ ᠪᠠ ᠪᠠᠶᠢᠭᠠᠯᠢ ᠶᠢᠨ ᠳᠠᠪᠠᠭᠤᠯᠢᠭ ᠢ ᠣᠷᠭᠠᠨᠢᠭ ᠢᠶᠠᠷ ᠤᠶᠠᠯᠳᠤᠭᠤᠯᠵᠤ᠂ ᠨᠢᠭᠡ ᠪᠦᠯᠦᠭ ᠤᠳᠤ ᠦᠶ᠎ᠡ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠲᠡᠳᠬᠦᠨ ᠲᠡᠮᠵᠢᠵᠤ᠂ ᠪᠤᠶᠢᠵᠢᠭᠤᠯᠵᠤ᠂ ᠤᠳᠤ ᠦᠶ᠎ᠡ ᠶᠢᠨ ᠲᠠᠷᠢᠶᠠᠯᠠᠩ ᠤᠨ ᠂ ᠂ ᠳᠡᠭᠡᠳᠦ ᠶᠢ ᠲᠦᠯᠬᠢᠨ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃
ᠲᠠᠷᠢᠮᠠᠯ ᠤᠨ ᠲᠤᠮᠤ ᠡᠷᠦᠬᠡ ᠠᠨ ᠬᠦᠢ ᠰᠢᠶᠦ᠋ᠩ ᠤᠨ ᠭᠡᠷ ᠲᠤ᠂ ᠸᠠᠩ ᠯᠢ ᠰᠢᠶᠠ ᠲᠡᠭᠦᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠭᠡᠴᠡᠯᠡᠯ᠂ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠭᠦᠢᠯᠭᠡᠭᠡᠬᠦ᠂ ᠲᠠᠷᠢᠮᠠᠯ ᠤᠨ ᠲᠥᠯᠥᠪᠯᠡᠭᠡ᠂ ᠮᠦ ᠪᠦᠷᠢ ᠶᠢᠨ ᠳᠤᠮᠳᠠᠴᠢ ᠣᠷᠣᠯᠭ᠎ᠠ᠂ ᠲᠠᠷᠢᠶᠠᠯᠠᠩ ᠤᠨ ᠨᠥᠬᠦᠪᠥᠷᠢ ᠠᠪᠴᠤ ᠪᠠᠶᠢᠭ᠎ᠠ ᠵᠡᠷᠭᠡ ᠪᠠᠶᠢᠳᠠᠯ ᠢ ᠣᠶᠢᠯᠠᠭᠠᠪᠠ᠃ ᠸᠠᠩ ᠯᠢ ᠰᠢᠶᠠ᠂ ᠤᠯᠠᠮᠵᠢᠯᠠᠯᠲᠤ ᠦᠢᠯᠡᠳᠪᠦᠷᠢᠯᠡᠯ ᠤᠨ ᠠᠷᠭ᠎ᠠ ᠶᠢ ᠬᠤᠪᠢᠷᠠᠭᠤᠯᠵᠤ᠂ ᠭᠠᠵᠠᠷ ᠰᠢᠷᠣᠢ ᠶᠢᠨ ᠠᠰᠢᠭᠯᠠᠯᠲᠠ ᠶᠢᠨ ᠪᠦᠲᠦᠴᠡ ᠪᠣᠯᠤᠨ ᠬᠡᠷᠡᠭᠯᠡᠭᠡᠨ ᠤ ᠠᠷᠭ᠎ᠠ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠲᠠᠷᠢᠮᠠᠯ ᠤᠨ ᠪᠦᠲᠦᠴᠡ ᠳᠤ ᠲᠤᠬᠢᠷᠠᠭᠤᠯᠤᠯᠳᠠ ᠬᠢᠵᠦ᠂ ᠲᠠᠷᠢᠵᠦ ᠲᠡᠵᠢᠭᠡᠬᠦ ᠶᠢ ᠤᠶᠠᠯᠳᠤᠭᠤᠯᠬᠤ ᠶᠢ ᠠᠬᠢᠭᠤᠯᠬᠤ ᠬᠡᠷᠡᠭᠲᠡᠢ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠶᠡᠭᠡ ᠪᠠᠷ ᠪᠠᠳᠠᠷᠠᠭᠤᠯᠵᠤ᠂ ᠲᠠᠭᠠᠭᠤᠯᠤᠭᠴᠢ ᠶᠢ ᠰᠠᠶᠢᠲᠤᠷ ᠬᠥᠮᠦᠵᠢᠭᠦᠯᠵᠦ᠂ ᠣᠳᠣᠬᠢᠴᠢᠯᠠᠭᠰᠠᠨ ᠰᠡᠳᠬᠢᠬᠦᠶ ᠪᠠᠷ ᠤᠳᠤ ᠦᠶ᠎ᠡ ᠶᠢᠨ ᠲᠠᠷᠢᠶᠠᠯᠠᠩ ᠤᠨ ᠦᠢᠯᠡᠳᠪᠦᠷᠢᠯᠡᠯ ᠢ ᠵᠣᠬᠢᠶᠠᠨ ᠪᠠᠶᠢᠭᠤᠯᠵᠤ᠂ ᠲᠠᠷᠢᠶᠠᠴᠢᠳ ᠢ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
ᠭᠦ᠋ ᠶᠢᠩ ᠫᠠᠨ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠪᠠᠷᠢᠯᠭ᠎ᠠ ᠶᠢᠨ ᠠᠵᠢᠯ ᠶᠠᠭ ᠬᠦᠷ ᠬᠥᠭᠵᠢᠶᠡᠨ ᠲᠠᠢ ᠶᠠᠪᠤᠭᠳᠠᠵᠤ ᠪᠠᠶᠢᠬᠤ ᠳᠤ᠂ ᠸᠠᠩ ᠯᠢ ᠰᠢᠶᠠ ᠲᠤᠬᠠᠢ ᠶᠢᠨ ᠲᠠᠯᠠᠪᠠᠢ ᠳᠤ ᠬᠦᠷᠴᠦ᠂ ᠭᠠᠵᠠᠷ ᠰᠢᠷᠣᠢ ᠶᠢ ᠲᠡᠭᠰᠢᠯᠡᠭᠰᠡᠨ᠂ ᠭᠤᠤ ᠰᠤᠪᠠᠭ ᠢ ᠨᠡᠭᠡᠭᠡᠨ ᠮᠠᠯᠲᠠᠭᠰᠠᠨ ᠪᠠ ᠤᠰᠤᠯᠠᠯᠲᠠ ᠶᠢᠨ ᠲᠥᠬᠦᠭᠡᠷᠦᠮᠵᠢ ᠶᠢᠨ ᠪᠠᠷᠢᠯᠭ᠎ᠠ ᠶᠢᠨ ᠠᠵᠢᠯ ᠵᠡᠷᠭᠡ ᠪᠠᠶᠢᠳᠠᠯ ᠢ ᠨᠠᠷᠢᠨ ᠪᠠᠶᠢᠴᠠᠭᠠᠨ ᠦᠵᠡᠵᠦ᠂ ᠭᠠᠮᠰᠢᠭ ᠲᠠᠢ ᠲᠡᠮᠡᠴᠡᠵᠦ ᠭᠠᠮᠰᠢᠭ ᠢ ᠪᠠᠭᠠᠰᠬᠠᠬᠤ ᠴᠢᠳᠠᠪᠤᠷᠢ᠂ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠭᠦᠢᠯᠭᠡᠭᠡᠭᠰᠡᠨ᠂ ᠡᠵᠡᠩᠨᠡᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠲᠠᠷᠢᠶᠠᠨ ᠭᠠᠵᠠᠷ ᠪᠣᠯ ᠠᠮᠤ ᠪᠤᠳᠠᠭᠠᠨ ᠤ ᠦᠢᠯᠡᠳᠪᠦᠷᠢᠯᠡᠯ ᠤᠨ ᠠᠮᠢᠨ ᠰᠤᠳᠠᠰᠤ ᠮᠥᠨ᠂ 《ᠶᠠᠭᠤ ᠳᠠᠷᠢᠬᠤ ᠪᠣᠢ᠂ ᠬᠡᠨ ᠳᠠᠷᠢᠬᠤ ᠪᠣᠢ᠂ ᠬᠡᠷᠬᠢᠨ ᠳᠠᠷᠢᠬᠤ ᠪᠣᠢ》 ᠵᠡᠷᠭᠡ ᠲᠠᠢ ᠨᠢᠭᠲᠠ ᠤᠶᠠᠯᠳᠤᠭᠤᠯᠤᠨ ᠲᠠᠷᠢᠶᠠᠯᠠᠩ ᠠᠵᠤ ᠠᠰᠠᠭᠤᠳᠠᠯ ᠢ ᠭᠦᠨᠵᠡᠭᠡᠶ ᠰᠤᠳᠤᠯᠵᠤ᠂ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠭᠦᠢᠯᠭᠡᠭᠡᠬᠦ᠂ ᠨᠠᠶᠢᠳᠠᠨ ᠬᠠᠮᠢᠶᠠᠷᠤᠭᠤᠯᠵᠤ ᠡᠵᠡᠩᠨᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠠᠷᠢᠶᠠᠯᠠᠩ ᠤᠨ ᠠᠵᠤ ᠦᠢᠯᠡᠰᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠢᠳᠡᠪᠬᠢᠲᠡᠶ ᠪᠠᠷ ᠬᠠᠶᠢᠨ ᠰᠦᠪᠡᠭᠴᠢᠯᠡᠬᠦ ᠬᠡᠷᠡᠭᠲᠡᠶ ᠃ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠡᠳᠡᠨ ᠤ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠠᠷᠢᠶᠠᠴᠢᠳ ᠢ ᠪᠠᠶᠠᠵᠢᠭᠤᠯᠬᠤ ᠲᠠᠯ᠎ᠠ ᠪᠠᠷ ᠨᠡᠩ ᠶᠡᠭᠡ ᠦᠢᠯᠡᠳᠦᠯ ᠦᠵᠡᠭᠦᠯᠬᠦ ᠶᠢ ᠬᠦᠳᠦᠯᠦᠨ ᠵᠢᠯᠣᠭᠤᠳᠬᠤ ᠬᠡᠷᠡᠭᠲᠡᠢ ᠭᠡᠵᠦ ᠴᠢᠬᠤᠯᠠᠴᠢᠯᠠᠪᠠ᠃
ᠬᠠᠪᠤᠷ ᠤᠨ ᠲᠠᠷᠢᠶᠠᠯᠠᠭ᠎ᠠ ᠤᠳᠠᠯ ᠦᠭᠡᠢ ᠡᠬᠢᠯᠡᠬᠦ ᠭᠡᠵᠦ ᠪᠠᠶᠢᠨ᠎ᠠ᠂ ᠪᠡᠯᠡᠳᠬᠡᠯ ᠠᠵᠢᠯ ᠶᠠᠮᠠᠷ ᠵᠡᠷᠭᠡ ᠪᠠᠶᠢᠬᠤ ᠲᠤᠬᠠᠢ ᠸᠠᠩ ᠯᠢ ᠰᠢᠶᠠ ᠲᠦᠢᠯ ᠢᠶᠠᠷ ᠰᠠᠨᠠᠭᠠᠰᠢᠷᠠᠵᠤ ᠪᠠᠶᠢᠯ᠎ᠠ᠃ ᠲᠡᠷᠡ ᠵᠢᠨᠢᠩ ᠲᠣᠭᠤᠷᠢᠭ ᠤᠨ ᠮᠠ ᠯᠢᠶᠠᠨ ᠴᠢᠦᠢ ᠰᠢᠶᠠᠩ ᠤᠨ ᠬᠤᠸᠠ ᠹᠧᠩ ᠦᠷ᠎ᠡ ᠶᠢᠨ ᠦᠢᠯᠡᠰ ᠤᠨ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠰᠦᠯᠢᠶᠣᠣ ᠪᠦᠷᠬᠦᠪᠴᠢ᠂ ᠬᠢᠮᠢ ᠶᠢᠨ ᠪᠤᠷᠳᠤᠭᠤᠷ᠂ ᠦᠷ᠎ᠡ᠂ ᠲᠠᠷᠢᠶᠠᠨ ᠡᠮ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠭᠡᠴᠡ ᠵᠢᠴᠢ ᠪᠣᠷᠣᠯᠠᠭᠤᠯᠭ᠎ᠠ ᠶᠢᠨ ᠪᠠᠶᠢᠳᠠᠯ ᠢ ᠨᠠᠷᠢᠨ ᠠᠰᠠᠭᠤᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠬᠠᠩᠰᠢ ᠶᠢ ᠲᠣᠭᠲᠠᠪᠤᠷᠢᠵᠢᠭᠤᠯᠵᠤ᠂ ᠲᠠᠷᠢᠶᠠᠴᠢᠳ ᠤᠨ ᠳᠠᠷᠤᠭᠠᠰᠤ ᠶᠢ ᠬᠥᠩᠭᠡᠷᠡᠭᠦᠯᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠯᠠᠪᠳᠠᠭᠤᠨ ᠡᠮᠬᠢ ᠳᠢᠭᠯᠢᠮ ᠲᠠᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃
ᠸᠠᠩ ᠯᠢ ᠰᠢᠶᠠ ᠪᠠᠰᠠ ᠤᠯᠠᠭᠠᠨᠴᠠᠪ ᠬᠤᠳᠠ ᠶᠢᠨ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠠᠺᠠᠳᠧᠮᠢᠴᠢ ᠶᠢᠨ ᠠᠵᠢᠯ ᠤᠨ ᠦᠷᠳᠡᠭᠡ ᠳᠤ ᠬᠦᠷᠴᠦ᠂ ᠬᠦᠢᠲᠡᠨ ᠰᠡᠷᠢᠭᠦᠨ ᠢᠳᠡᠰᠢᠨ ᠨᠣᠭᠤᠭ᠎ᠠ ᠶᠢᠨ ᠦᠷ᠎ᠡ ᠪᠤᠶᠢᠵᠢᠭᠤᠯᠬᠤ ᠵᠢᠴᠢ ᠲᠤᠷᠰᠢᠯᠲᠠ ᠶᠢᠨ ᠵᠢᠱᠢᠶ᠎ᠡ ᠦᠵᠡᠭᠦᠯᠬᠦ ᠪᠠᠶᠢᠳᠠᠯ ᠢ ᠰᠢᠨᠵᠢᠯᠡᠨ ᠪᠠᠶᠢᠴᠠᠭᠠᠪᠠ᠃ ᠲᠡᠷᠡ᠂ ᠬᠤᠭᠤᠯᠠ ᠬᠦᠨᠡᠰᠦᠨ ᠤ ᠠᠰᠠᠭᠤᠳᠠᠯ ᠢ ᠰᠢᠢᠳᠪᠦᠷᠢᠯᠡᠬᠦ ᠶᠢᠨ ᠦᠨᠳᠦᠰᠦᠨ ᠭᠠᠷᠬᠤ ᠵᠠᠮ ᠨᠢ ᠰᠢᠨᠵᠢᠯᠡᠬᠦ ᠤᠬᠠᠭᠠᠨ ᠮᠡᠷᠭᠡᠵᠢᠯ ᠳᠤ ᠪᠤᠢ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠠᠷᠢᠶᠠᠯᠠᠩ ᠢ ᠬᠦᠴᠦᠷᠬᠡᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠨᠧᠷᠭᠢ ᠣᠯᠭᠤᠬᠤ ᠶᠢ ᠪᠠᠷᠢᠮᠲᠠᠯᠠᠵᠤ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠶᠡᠬᠡᠪᠡᠷ ᠬᠡᠷᠡᠭᠵᠢᠭᠦᠯᠵᠦ᠂ ᠵᠣᠷᠢᠭ ᠰᠢᠭᠤᠳᠤᠨ ᠦᠷ᠎ᠡ ᠶᠢᠨ ᠦᠢᠯᠡᠰ ᠢ ᠬᠥᠭᠵᠢᠭᠦᠯᠵᠦ᠂ ᠦᠷ᠎ᠡ ᠶᠢᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠪᠠᠷ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ᠂ ᠦᠷ᠎ᠡ ᠶᠢᠨ ᠢᠷᠡᠯᠳᠡ ᠶᠢ ᠪᠡᠶ᠎ᠡ ᠪᠠᠨ ᠳᠠᠭᠠᠭᠠᠵᠤ ᠡᠵᠡᠮᠳᠡᠵᠦ ᠪᠣᠯᠬᠤ ᠶᠢ ᠪᠡᠶᠡᠯᠡᠭᠦᠯᠬᠦ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠲᠤ ᠪᠦᠬᠦ ᠬᠦᠴᠦᠨ ᠢᠶᠠᠷ ᠢᠶᠠᠨ ᠦᠢᠯᠡᠴᠢᠯᠡᠭᠡᠨ ᠤ ᠪᠠᠲᠤᠯᠠᠭ᠎ᠠ ᠬᠠᠩᠭᠠᠵᠤ᠂ ᠲᠡᠳᠡᠨ ᠤ ᠥᠭᠦᠯᠡᠯ ᠢᠶᠠᠨ ᠡᠬᠡ ᠭᠠᠵᠠᠷ ᠳᠡᠭᠡᠷ᠎ᠡ ᠪᠢᠴᠢᠵᠦ᠂ ᠦᠷ᠎ᠡ ᠪᠦᠲᠦᠭᠡᠯ ᠢᠶᠠᠨ ᠠᠷᠠᠳ ᠤᠯᠠᠨ ᠤ ᠭᠡᠷ ᠲᠤ ᠬᠦᠷᠭᠡᠬᠦ ᠶᠢ ᠳᠡᠮᠵᠢᠬᠦ ᠬᠡᠷᠡᠭᠲᠡᠢ ᠭᠡᠵᠦ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠯᠢ ᠪᠢᠩ ᠷᠦᠩ ᠬᠠᠮᠲᠤᠪᠠᠷ ᠪᠠᠶᠢᠴᠠᠭᠠᠨ ᠰᠤᠳᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠤᠯᠠᠭᠠᠨᠴᠠᠪ ᠬᠤᠳᠠ ᠶᠢᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃