ᠵᠤᠬᠢᠶᠠᠭᠴᠢ:
ᠴᠠᠭ:2022-04-02
ᠥᠵᠡᠭᠰᠡᠨ : ℃
ᠢᠷᠡᠯᠲᠡ: ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠭᠤᠣᠯ ᠳᠤᠭᠤᠶᠢᠯᠠᠩ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠰᠤᠷᠤᠯᠴᠠᠨ ᠶᠢᠨ ᠲᠣᠭᠤᠷᠢᠨ ᠳᠤ ᠲᠥᠪᠯᠡᠷᠡᠭᠦᠯᠦᠨ ᠰᠤᠳᠤᠯᠤᠨ ᠶᠠᠷᠢᠯᠴᠠᠪᠠ
2022 3 ᠰᠠᠷ᠎ᠠ ᠶᠢᠨ 25 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠣᠨᠣᠯ ᠭᠤᠤᠯ ᠳᠤᠭᠤᠶᠢᠯᠠᠩ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠶᠢ ᠰᠤᠷᠤᠯᠴᠠᠨ ᠶᠢᠨ ᠲᠣᠭᠤᠷᠢᠨ ᠳᠤ ᠲᠥᠪᠯᠡᠷᠡᠭᠦᠯᠦᠨ ᠰᠤᠳᠤᠯᠤᠨ ᠶᠠᠷᠢᠯᠴᠠᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠴᠢ ᠹᠸᠢ ᠶᠦᠨ ᠰᠤᠳᠤᠯᠤᠨ ᠶᠠᠷᠢᠯᠴᠠᠬᠤ ᠬᠤᠷᠠᠯ ᠢ ᠡᠷᠭᠢᠯᠡᠪᠡ᠃
ᠬᠤᠷᠠᠯ ᠳᠡᠭᠡᠷ᠎ᠡ᠂ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠨᠠᠮ ᠤᠨ ᠭᠠᠳᠠᠨᠠᠬᠢ ᠬᠤᠳᠠ ᠶᠢᠨ ᠳᠡᠳ᠋ ᠳᠠᠷᠤᠭ᠎ᠠ᠂ ᠬᠤᠳᠠ ᠶᠢᠨ ᠵᠠᠰᠠᠭ ᠤᠨ ᠣᠷᠳᠣᠨ ᠤ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ 《ᠰᠢ ᠶᠢᠨ ᠫᠢᠩ ᠤᠨ ᠨᠡᠶᠢᠭᠡᠮ ᠵᠢᠷᠤᠮ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠬᠠᠢ ᠥᠭᠦᠯᠡᠯᠲᠡ ᠶᠢᠨ ᠲᠡᠭᠦᠪᠦᠷᠢ》᠂ ᠶᠡᠷᠦᠩᠬᠡᠢ ᠱᠦᠵᠢ ᠰᠢ ᠶᠢᠨ ᠫᠢᠩ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠪᠠ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃
ᠬᠤᠷᠠᠯ ᠠᠴᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠰᠠᠶᠢᠲᠤᠷ ᠠᠳᠬᠤᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠢᠮᠠᠭᠲᠠ ᠪᠠᠷᠢᠮᠲᠠᠯᠠᠭᠰᠠᠭᠠᠷ ᠢᠷᠡᠭᠰᠡᠨ ᠨᠠᠨᠳᠢᠨ ᠨᠠᠶᠢᠳᠠᠯᠭ᠎ᠠ ᠪᠣᠯᠤᠨ᠎ᠠ᠂ ᠪᠦᠲᠦᠴᠡ ᠶᠢ ᠲᠤᠬᠢᠷᠠᠭᠤᠯᠬᠤ᠂ ᠴᠢᠳᠠᠪᠬᠢ ᠶᠢ ᠬᠤᠪᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠶ ᠳᠡᠭᠡᠭᠰᠢᠯᠡᠭᠦᠯᠵᠦ᠂ 《ᠤᠯᠤᠰ ᠤᠨ ᠶᠡᠭᠡ ᠶᠠᠪᠤᠳᠠᠯ》 ᠢ ᠰᠡᠳᠬᠢᠯ ᠳᠡᠭᠡᠨ ᠪᠤᠳᠤᠵᠤ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠲᠣᠭᠲᠠᠯ ᠬᠦᠴᠦᠨ ᠢᠶᠠᠨ ᠪᠠᠲᠤᠯᠠᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠦᠨᠡᠨᠬᠦ ᠰᠤᠷᠤᠯᠴᠠᠨ ᠦᠨᠡᠨᠬᠦ ᠬᠡᠷᠡᠭᠯᠡᠵᠦ᠂ ᠤᠳᠤᠷᠢᠳᠬᠤ ᠺᠠᠳ᠋ᠷᠴᠤᠳ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠱᠠᠳᠤ ᠱᠠᠳᠤ ᠪᠠᠷ ᠴᠢᠩᠭ᠎ᠠ ᠠᠳᠬᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠤᠯᠠᠭᠠᠨᠴᠠᠪ ᠲᠤ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ ᠠᠴᠠ᠂ ᠪᠠᠶᠢᠭᠠᠯᠢ ᠶᠢ ᠬᠠᠶᠢᠷᠠᠯᠠᠵᠤ᠂ ᠪᠠᠶᠢᠭᠠᠯᠢ ᠶᠢ ᠬᠠᠮᠠᠭᠠᠯᠠᠵᠤ᠂ ᠠᠮᠢ ᠠᠬᠤᠢ ᠶᠢᠨ ᠰᠡᠷᠭᠦᠭᠡᠯᠲᠡ ᠶᠢ ᠭᠦᠨᠵᠡᠭᠡᠢ ᠠᠬᠢᠭᠤᠯᠬᠤ ᠬᠡᠷᠡᠭᠲᠡᠢ᠃ 《ᠤᠰᠤ ᠪᠠᠷ ᠳᠥᠷᠪᠡ ᠶᠢ ᠲᠣᠭᠲᠠᠭᠠᠬᠤ》 ᠵᠠᠷᠴᠢᠮ ᠢ ᠪᠥᠬᠦ ᠲᠠᠯ᠎ᠠ ᠪᠠᠷ ᠂ ᠭᠤᠤᠯ ᠨᠠᠭᠤᠷ ᠤᠨ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠳᠠᠭ᠎ᠠ ᠶᠢᠨ ᠨᠠᠭᠤᠷ᠂ ᠴᠠᠭᠠᠨᠨᠠᠭᠤᠷ᠂ ᠬᠢᠬᠢᠷᠢ ᠶᠢᠨ ᠨᠠᠭᠤᠷ ᠤᠨ ᠶᠡᠷᠦᠩᠬᠡᠶᠢᠯᠡᠨ ᠵᠠᠰᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠰᠠᠪᠠ ᠭᠠᠵᠠᠷ ᠤᠨ ᠠᠮᠢ ᠠᠬᠤᠶ ᠶᠢᠨ ᠳᠦᠷᠰᠦ ᠪᠠᠶᠢᠳᠠᠯ ᠢ ᠬᠦᠴᠦᠯᠡᠨ ᠰᠠᠶᠢᠵᠢᠷᠠᠭᠤᠯᠬᠤ ᠬᠡᠷᠡᠭᠲᠡᠢ᠃ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠲᠦᠷᠢᠮ ᠢ ᠴᠢᠩᠭ᠎ᠠ ᠬᠡᠷᠡᠭᠵᠢᠭᠦᠯᠦᠨ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠬᠤ ᠠᠵᠢᠯ ᠢ ᠴᠢᠩᠭᠠᠳᠬᠠᠵᠤ᠂ ᠣᠶ ᠰᠢᠭᠤᠶ ᠨᠤᠲᠤᠭ ᠪᠡᠯᠴᠢᠭᠡᠷ ᠤᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠ ᠬᠠᠮᠠᠭᠠᠯᠠᠵᠤ ᠰᠡᠷᠭᠦᠭᠡᠬᠦ ᠠᠵᠢᠯ ᠢ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃
ᠬᠤᠷᠠᠯ ᠠᠴᠠ᠂ ᠪᠣᠬᠢᠷᠲᠤᠯ ᠢ ᠪᠠᠭᠠᠰᠬᠠᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠪᠠᠭᠤᠷᠠᠭᠤᠯᠵᠤ᠂ ᠦᠩᠬᠡᠨ ᠲᠠᠯ᠎ᠠ ᠪᠠ ᠦᠨᠳᠦᠰᠦ ᠶᠢ ᠵᠡᠷᠭᠡᠪᠡᠷ ᠵᠠᠰᠠᠵᠤ᠂ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ᠃ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠨᠠᠷᠢᠯᠢᠭ ᠣᠨᠣᠴᠠᠲᠠᠶ ᠪᠠᠷ ᠳᠡᠭᠡᠭᠰᠢᠯᠡᠭᠦᠯᠬᠦ ᠶᠢ ᠲᠦᠷᠭᠡᠳᠬᠡᠵᠦ᠂ ᠠᠵᠤ ᠦᠢᠯᠡᠳᠪᠦᠷᠢ ᠲᠥᠪᠯᠡᠷᠡᠭᠰᠡᠨ ᠣᠷᠣᠨ ᠤ ᠬᠠᠶᠠᠭᠳᠠᠮᠠᠯ ᠤᠰᠤ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠪᠣᠬᠢᠷ ᠤᠰᠤ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠵᠠᠰᠠᠬᠤ ᠶᠢ ᠴᠢᠩᠭᠠᠳᠬᠠᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠬᠢᠭᠡᠳ ᠠᠮᠤᠷ ᠲᠦᠪᠰᠢᠨ ᠢᠶᠠᠷ ᠠᠰᠢᠭᠯᠠᠬᠤ ᠶᠢ ᠠᠬᠢᠭᠤᠯᠬᠤ ᠬᠡᠷᠡᠭᠲᠡᠢ᠃ ᠡᠨᠧᠷᠭᠢ ᠬᠡᠷᠡᠭᠯᠡᠬᠦ ᠬᠠᠮᠢᠶᠠᠷᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ ᠳᠡᠭᠡᠳᠦ ᠲᠦᠪᠰᠢᠨ ᠳᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠬᠡᠳᠡᠷᠬᠦ ᠰᠢᠬᠠᠵᠤ᠂ 《 ᠬᠤᠶᠠᠷ ᠶᠡᠬᠡᠲᠡᠢ》ᠲᠥᠷᠥᠯ ᠵᠦᠢᠯ ᠳᠣᠣᠷ᠎ᠠ ᠰᠣᠬᠤᠷ ᠪᠠᠯᠠᠶ ᠪᠠᠷ ᠬᠥᠭᠵᠢᠭᠦᠯᠬᠦ ᠶᠢ ᠡᠷᠡᠰ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ᠂ ᠪᠣᠬᠢᠷᠲᠤᠯ ᠦᠭᠡᠢ ᠪᠠᠷ ᠬᠦᠳᠦᠯᠦᠨ ᠳᠠᠭᠠᠭᠤᠯᠬᠤ᠂ ᠡᠷᠬᠢᠯᠳᠡᠳᠦ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠬᠥᠭᠵᠢᠯᠲᠡ ᠶᠢᠨ ᠦᠨᠳᠦᠰᠦᠨ ᠰᠠᠭᠤᠷᠢ ᠦᠩᠭᠡ ᠶᠢ ᠪᠠᠲᠤᠳᠬᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ 《ᠬᠤᠶᠠᠷ ᠰᠠᠭᠤᠷᠢᠨ 》 ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠪᠠᠷ ᠭᠠᠷᠳᠠᠴᠠ ᠪᠣᠯᠭᠠᠵᠤ᠂ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠪᠠ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ ᠶᠢ ᠬᠦᠴᠦᠯᠡᠨ ᠬᠥᠭᠵᠢᠭᠦᠯᠵᠦ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠪᠠ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠂ ᠪᠣᠬᠢᠷᠲᠤᠯ ᠥᠬᠡᠶ ᠤᠨᠴᠠᠯᠢᠭᠳᠤ ᠳᠠᠪᠠᠭᠤᠯᠢᠭ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠬᠤ ᠬᠡᠷᠡᠭᠲᠡᠢ᠃ ᠡᠭᠦᠨ ᠤ ᠬᠠᠮᠲᠤ᠂ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠵᠤ᠂ ᠪᠥᠬᠦ ᠨᠡᠶᠢᠭᠡᠮ ᠢᠶᠠᠷ ᠢᠶᠠᠨ ᠵᠥᠪ ᠣᠨᠣᠪᠴᠢᠲᠠᠶ ᠠᠮᠢ ᠠᠬᠤᠶ ᠶᠢᠨ ᠪᠣᠯᠪᠠᠰᠤᠨ ᠤ ᠥᠷᠲᠡᠭ ᠤᠨ ᠬᠠᠨᠳᠤᠰᠢ ᠪᠠ ᠢᠳᠡᠪᠬᠢᠲᠡᠶ ᠡᠷᠡᠭᠦᠯ ᠦᠢᠯᠡᠳᠪᠦᠷᠢᠯᠡᠯ᠂ ᠠᠮᠢᠳᠤᠷᠠᠯ᠂ ᠬᠡᠷᠡᠭᠯᠡᠭᠡᠨ ᠤ ᠦᠢᠯᠡ ᠠᠵᠢᠯᠯᠠᠭ᠎ᠠ ᠶᠢ ᠬᠥᠲᠥᠯᠦᠨ ᠵᠢᠯᠣᠭᠤᠳᠴᠤ ᠪᠣᠶ ᠪᠣᠯᠭᠠᠵᠤ᠂ ᠦᠵᠡᠰᠬᠦᠯᠡᠩᠲᠦ ᠰᠠᠶᠢᠬᠠᠨ ᠬᠡᠷ ᠣᠷᠣᠨ ᠢᠶᠠᠨ ᠬᠠᠮᠲᠤ ᠪᠠᠷ ᠪᠥᠲᠥᠭᠡᠨ ᠪᠠᠶᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠤᠨ᠂ ᠤᠯᠠᠭᠠᠨᠴᠠᠪ ᠢ ᠦᠨᠡᠨ ᠬᠦ ᠠᠮᠢ ᠠᠬᠤᠶ ᠰᠢᠯᠢᠳᠡᠭ᠂ ᠣᠷᠴᠢᠨ ᠠᠬᠤᠶ ᠭᠤᠶᠢᠳᠠ ᠪᠡᠭᠡᠵᠢᠩ ᠤᠨ 《ᠠᠷᠤ ᠴᠡᠴᠡᠷᠯᠢᠭ》 ᠪᠣᠯᠭᠠᠨ ᠪᠥᠲᠥᠭᠡᠨ ᠪᠠᠶᠢᠭᠤᠯᠬᠤ ᠬᠡᠷᠡᠭᠲᠡᠶ ᠭᠡᠵᠦ ᠱᠠᠭᠠᠷᠳᠠᠪᠠ᠃