ᠵᠤᠬᠢᠶᠠᠭᠴᠢ:
ᠴᠠᠭ:2025-03-28
ᠥᠵᠡᠭᠰᠡᠨ : ℃
ᠢᠷᠡᠯᠲᠡ: ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
ᠯᠢᠦ ᠬᠠᠢ ᠴᠢᠤᠸᠠᠨ ᠵᠢᠨᠢᠩ ᠲᠣᠭᠤᠷᠢᠭ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠳᠤ ᠪᠠᠶᠢᠴᠠᠭᠠᠨ ᠰᠤᠳᠤᠯᠪᠠ
2025 3 ᠰᠠᠷ᠎ᠠ ᠶᠢᠨ 26 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠯᠢᠦ ᠬᠠᠶ ᠴᠢᠤᠸᠠᠨ ᠵᠢᠨᠢᠩ ᠲᠣᠭᠤᠷᠢᠭ᠂ ᠴᠠᠬᠠᠷ ᠪᠠᠷᠠᠭᠤᠨ ᠭᠠᠷᠤᠨ ᠡᠮᠦᠨᠡᠲᠦ ᠠᠵᠤ ᠠᠬᠤᠶᠢᠯᠠᠯ ᠤᠨ ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ᠂ ᠦᠢᠯᠡᠳᠪᠦᠷᠢᠯᠡᠯ ᠵᠡᠷᠭᠡ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠲᠤᠬᠠᠶ ᠶᠢᠨ ᠲᠠᠯᠠᠪᠤᠷ ᠲᠤ ᠠᠯᠪᠠᠯᠠᠪᠠ᠃
《ᠵᠠᠬ᠎ᠠ ᠳᠡᠯᠭᠡᠭᠦᠷ ᠤᠨ ᠪᠠᠶᠢᠳᠠᠯ ᠶᠠᠮᠠᠷ ᠪᠠᠶᠢᠨ᠎ᠠ︖》 《ᠶᠠᠮᠠᠷ ᠬᠦᠴᠢᠷᠳᠡᠯ ᠪᠠᠶᠢᠨ᠎ᠠ ᠤᠤ︖》 ᠳ᠋ᠦᠩ ᠶᠠᠩ ᠭᠤᠸᠠᠩ ᠢᠯᠲᠠᠰᠤ᠂ ᠵᠦᠩ ᠬᠤᠩ ᠽᠢ ᠵᠢᠩ᠂ ᠳ᠋ᠦᠸᠧ ᠮᠧᠩ ᠳ᠋ᠧ ᠲᠡᠮᠦᠷᠯᠢᠭ ᠬᠠᠶᠢᠯᠤᠭᠤᠯᠬᠤ ᠬᠢᠮᠢ ᠶᠢᠨ ᠠᠵᠤ ᠦᠢᠯᠡᠳᠪᠦᠷᠢ᠂ ᠲᠧᠩ ᠹᠸᠢ ᠲᠡᠮᠦᠷ ᠤᠨ ᠬᠠᠶᠢᠯᠤᠰᠢ ᠵᠡᠷᠭᠡ ᠠᠵᠤ ᠠᠬᠤᠶᠢᠯᠠᠯ ᠵᠢᠴᠢ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠯᠢᠦ ᠬᠠᠢ ᠴᠢᠤᠸᠠᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠠᠷ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠠᠵᠠ ᠲᠣᠬᠢᠶᠠᠯ ᠢ ᠠᠮᠵᠢᠵᠤ᠂ ᠢᠲᠡᠭᠡᠯ ᠵᠣᠷᠢᠭ ᠢᠶᠠᠨ ᠨᠡᠮᠡᠭᠳᠡᠭᠦᠯᠵᠦ᠂ ᠮᠡᠷᠭᠡᠵᠢᠯ ᠤᠨ ᠥᠭᠡᠷᠡᠴᠢᠯᠡᠯᠲᠡ ᠬᠢᠵᠦ ᠲᠡᠰ ᠳᠡᠪᠰᠢᠭᠦᠯᠬᠦ᠂ ᠴᠢᠳᠠᠪᠤᠷᠢ ᠪᠠᠨ ᠥᠷᠭᠡᠳᠬᠡᠨ ᠦᠢᠯᠡᠳᠪᠦᠷᠢᠯᠡᠯ ᠢᠶᠠᠨ ᠨᠡᠮᠡᠭᠳᠡᠭᠦᠯᠬᠦ ᠵᠡᠷᠭᠡ ᠲᠠᠯ᠎ᠠ ᠪᠠᠷ ᠬᠦᠴᠦ ᠣᠷᠣᠭᠤᠯᠵᠤ᠂ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢᠶᠠᠨ ᠲᠠᠰᠤᠷᠠᠯᠲᠠ ᠦᠭᠡᠢ ᠨᠡᠮᠡᠭᠳᠡᠭᠦᠯᠬᠦ ᠶᠢ ᠵᠣᠷᠢᠭᠵᠢᠭᠤᠯᠪᠠ᠃ ᠬᠠᠪᠤᠷ ᠤᠨ ᠲᠠᠷᠢᠶᠠᠯᠠᠭ᠎ᠠ ᠤᠳᠠᠯ ᠦᠭᠡᠢ ᠬᠦᠷᠴᠦ ᠢᠷᠡᠬᠦ ᠭᠡᠵᠦ ᠪᠠᠶᠢᠨ᠎ᠠ᠂ ᠯᠢᠦ ᠬᠠᠢ ᠴᠢᠤᠸᠠᠨ ᠪᠠᠰᠠ ᠲᠢᠶᠠᠨ ᠢᠦᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠺᠣᠮᠫᠠᠨᠢ ᠳᠤ ᠬᠦᠷᠴᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠨᠥᠭᠡᠴᠡᠯᠡᠵᠦ ᠪᠣᠷᠣᠯᠠᠭᠤᠯᠵᠤ ᠪᠠᠶᠢᠭ᠎ᠠ ᠪᠠᠶᠢᠳᠠᠯ ᠢ ᠣᠶᠢᠯᠠᠭᠠᠪᠠ᠃ ᠲᠡᠷᠡ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠲᠠᠷᠢᠶᠠᠯᠠᠩ ᠤᠨ ᠮᠠᠰᠢᠨ ᠢ ᠰᠢᠯᠵᠢᠭᠦᠯᠦᠨ ᠲᠡᠭᠡᠭᠡᠪᠦᠷᠢᠯᠡᠬᠦ ᠬᠠᠩᠭᠠᠯᠭ᠎ᠠ ᠶᠢ ᠪᠠᠲᠤᠯᠠᠬᠤ ᠵᠡᠷᠭᠡ ᠠᠵᠢᠯ ᠢ ᠤᠷᠢᠳᠴᠢᠯᠠᠨ ᠰᠠᠶᠢᠲᠤᠷ ᠬᠢᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠤᠷᠤᠭᠰᠢᠲᠠᠢ ᠶᠠᠪᠤᠭᠳᠠᠬᠤ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠡᠨᠡ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃
ᠲᠤᠬᠠᠢ ᠶᠢᠨ ᠲᠠᠯᠠᠪᠠᠢ ᠶᠢᠨ ᠠᠯᠪᠠᠯᠠᠬᠤ ᠬᠤᠷᠠᠯ ᠳᠡᠭᠡᠷ᠎ᠡ᠂ ᠵᠢᠨᠢᠩ ᠲᠣᠭᠤᠷᠢᠭ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠬᠠᠮᠢᠶ᠎ᠠ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠯᠢᠦ ᠬᠠᠢ ᠴᠢᠤᠸᠠᠨ᠂ ᠪᠦᠬᠦ ᠬᠤᠲᠠ ᠪᠠᠷ ᠢᠶᠠᠨ ᠶᠡᠷᠦᠩᠬᠡᠢ ᠱᠦᠵᠢ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠭᠦᠨᠵᠡᠭᠡᠢ ᠰᠤᠷᠤᠯᠴᠠᠨ ᠂ ᠡᠷᠴᠢ ᠵᠣᠷᠢᠭ ᠢᠶᠠᠨ ᠬᠥᠪᠴᠢᠯᠡᠨ ᠬᠥᠭᠵᠢᠯᠲᠡ ᠶᠢ ᠠᠬᠢᠭᠤᠯᠵᠤ᠂ 《ᠲᠠᠪᠤᠨ ᠶᠡᠭᠡ ᠡᠭᠦᠷᠭᠡ》 《ᠵᠢᠷᠭᠤᠭᠠᠨ ᠢᠨᠵᠧᠨᠧᠷᠢᠩ》 《ᠵᠢᠷᠭᠤᠭᠠᠨ ᠠᠵᠢᠯᠯᠠᠭ᠎ᠠ》 ᠶᠢ ᠭᠦᠨᠵᠡᠭᠡᠢ ᠬᠡᠷᠡᠭᠵᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠲᠣᠬᠢᠷᠠᠭᠤᠯᠤᠯᠲᠠ ᠶᠢ ᠴᠢᠩᠭᠠᠳᠬᠠᠵᠤ᠂ ᠠᠵᠢᠯᠯᠠᠭᠠᠨ ᠢ ᠠᠬᠢᠭᠤᠯᠵᠤ᠂ ᠪᠡᠯᠡ ᠣᠷᠣᠭᠤᠯᠤᠯᠲᠠ ᠶᠢ ᠥᠷᠭᠡᠳᠬᠡᠵᠦ᠂ ᠠᠷᠠᠯᠵᠢᠶᠠᠴᠢᠨ ᠤᠷᠢᠬᠤ ᠶᠢ ᠪᠠᠷᠢᠮᠲᠠᠯᠠᠵᠤ᠂ ᠪᠦᠬᠦ ᠬᠦᠴᠦᠨ ᠢᠶᠠᠷ ᠢᠶᠠᠨ ᠦᠢᠯᠡᠴᠢᠯᠡᠭᠡ ᠪᠠᠨ ᠰᠢᠯᠢᠳᠡᠭᠵᠢᠭᠦᠯᠵᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠮᠤᠷ ᠲᠦᠪᠰᠢᠨ ᠢ ᠪᠠᠲᠤᠯᠠᠵᠤ᠂ ᠬᠤᠷᠢᠭ᠎ᠠ ᠱᠤᠭᠤᠮ ᠢ ᠰᠠᠬᠢᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠣᠨᠣᠪᠴᠢᠲᠠᠢ ᠠᠳᠬᠤᠵᠤ ᠪᠣᠳᠠᠲᠠᠢ ᠠᠵᠢᠯᠯᠠᠵᠤ ᠪᠦᠲᠦᠭᠡᠵᠦ᠂ ᠪᠦᠬᠦ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ ᠭᠡᠵᠦ ᠬᠡᠯᠡᠪᠡ᠃
ᠢᠦᠢ ᠬᠠᠢ ᠴᠧᠩ ᠣᠷᠣᠯᠴᠠᠪᠠ᠃