ᠵᠤᠬᠢᠶᠠᠭᠴᠢ:
ᠴᠠᠭ:2025-04-07
ᠥᠵᠡᠭᠰᠡᠨ : ℃
ᠢᠷᠡᠯᠲᠡ:
ᠬᠤᠲᠠ ᠶᠢᠨ ᠤᠳᠤᠷᠢᠳᠤᠯᠭ᠎ᠠ ᠬᠤᠸᠠᠳᠧ ᠰᠢᠶᠠᠨ ᠪᠠ ᠱᠠᠩᠳᠤ ᠰᠢᠶᠠᠨ ᠳᠤ ᠭᠦᠨᠵᠡᠭᠡᠶᠢᠷᠡᠨ ᠠᠵᠤ ᠦᠢᠯᠡᠳᠪᠦᠷᠢ ᠪᠠ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶᠡᠨ ᠳᠠᠬᠢ ᠠᠮᠢ ᠠᠬᠤᠶ ᠶᠢᠨ ᠬᠠᠮᠠᠭᠠᠯᠠᠯᠲᠠ᠂ ᠦᠢᠯᠡᠳᠪᠦᠷᠢᠯᠡᠯ ᠵᠢᠴᠢ ᠴᠢᠬᠤᠯᠠ ᠶᠡᠭᠡ ᠲᠥᠷᠥᠯ ᠵᠦᠢᠯ ᠤᠨ ᠠᠵᠢᠯ ᠢᠶᠠᠨ ᠡᠬᠢᠯᠡᠭᠦᠯᠵᠦ ᠰᠡᠷᠭᠦᠭᠡᠭᠰᠡᠨ ᠪᠠᠶᠢᠳᠠᠯ ᠢ ᠪᠠᠶᠢᠴᠠᠭᠠᠨ ᠰᠤᠳᠤᠯᠪᠠ
2025 4 ᠰᠠᠷ᠎ᠠ ᠶᠢᠨ 3 ᠤ ᠡᠳᠦᠷ᠂ ᠬᠤᠲᠠ ᠶᠢᠨ ᠳᠡᠳ᠋ ᠳᠠᠷᠤᠭ᠎ᠠ ᠢᠦᠢ ᠬᠠᠢ ᠴᠧᠩ ᠪᠦᠯᠬᠦᠮ ᠳᠠᠭᠠᠭᠤᠯᠤᠨ ᠬᠤᠸᠠᠳᠧ ᠰᠢᠶᠠᠨ ᠤ ᠵᠢᠶᠧ ᠶᠤᠸᠠᠨ ᠬᠤᠭ ᠨᠣᠪᠰᠢ ᠶᠢ ᠬᠤᠷᠢᠶᠠᠨ ᠠᠪᠴᠤ ᠰᠢᠢᠳᠪᠦᠷᠢᠯᠡᠬᠦ ᠬᠢᠵᠠᠭᠠᠷᠲᠤ ᠺᠣᠮᠫᠠᠨᠢ ᠶᠢᠨ ᠠᠭᠤᠷᠬᠠᠢ ᠶᠢᠨ ᠰᠢᠭᠠᠷᠤ ᠶᠢ ᠪᠤᠯᠠᠬᠤ ᠲᠠᠯᠠᠪᠠᠢ᠂ ᠢᠦᠢ ᠰᠢᠶᠤᠤ ᠮᠧᠩ ᠳ᠋ᠠ ᠪᠠᠷᠢᠯᠭ᠎ᠠ ᠶᠢᠨ ᠲᠤᠬᠠᠢ ᠶᠢᠨ ᠲᠠᠯᠠᠪᠠᠢ᠂ ᠱᠠᠩᠳᠤ ᠰᠢᠶᠠᠨ ᠤ ᠶᠠᠨ ᠬᠤᠤ ᠴᠣᠬᠤᠢ ᠶᠢᠨ ᠴᠢᠯᠠᠭᠤᠯᠢᠭ ᠤᠨ ᠠᠭᠤᠷᠬᠠᠢ᠂ ᠰᠢᠨ ᠯᠦᠩ ᠬᠦᠷᠮᠡᠨ ᠴᠢᠯᠠᠭᠤᠯᠢᠭ ᠤᠨ ᠠᠭᠤᠷᠬᠠᠢ᠂ ᠵᠢᠤᠢ ᠬᠤᠩ ᠪᠠᠷᠢᠯᠭ᠎ᠠ ᠶᠢᠨ ᠡᠯᠡᠰᠦᠨ ᠤ ᠠᠭᠤᠷᠬᠠᠢ᠂ ᠵᠢᠤᠢ ᠬᠤᠩ ᠪᠠᠷᠢᠯᠭ᠎ᠠ ᠶᠢᠨ ᠬᠠᠶᠢᠷ ᠤᠨ ᠠᠭᠤᠷᠬᠠᠢ᠂ ᠵᠢᠶᠠᠨ ᠬᠤᠸᠠ ᠬᠡᠮᠬᠡᠳᠡᠭ ᠠᠭᠤᠷᠬᠠᠢ ᠶᠢᠨ ᠠᠮᠢ ᠠᠬᠤᠢ ᠶᠢᠨ ᠬᠠᠮᠠᠭᠠᠯᠠᠯᠲᠠ᠂ ᠦᠢᠯᠡᠳᠪᠦᠷᠢᠯᠡᠯ ᠪᠣᠯᠤᠨ ᠴᠢᠬᠤᠯᠠ ᠶᠡᠭᠡ ᠲᠦᠷᠦᠯ ᠵᠦᠢᠯ ᠤᠨ ᠠᠵᠢᠯ ᠢᠶᠠᠨ ᠡᠬᠢᠯᠡᠭᠦᠯᠵᠦ ᠰᠡᠷᠭᠦᠭᠡᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃
ᠢᠦᠢ ᠬᠠᠢ ᠴᠧᠩ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠨᠤᠭᠤᠳ ᠬᠤᠳᠠ ᠶᠢᠨ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠤᠨ ᠱᠠᠭᠠᠷᠳᠠᠯᠭ᠎ᠠ ᠶᠢ ᠣᠨᠣᠪᠴᠢᠲᠠᠢ ᠪᠦᠬᠦ ᠲᠠᠯ᠎ᠠ ᠪᠠᠷ ᠣᠶᠢᠯᠠᠭᠠᠵᠤ᠂ ᠠᠭᠤᠷᠬᠠᠢ ᠶᠢᠨ ᠠᠰᠠᠭᠤᠳᠠᠯ ᠤᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠠᠵᠤ ᠠᠬᠤᠶᠢᠯᠠᠯ ᠤᠨ ᠠᠮᠢ ᠠᠬᠤᠢ ᠶᠢ ᠰᠡᠷᠭᠦᠭᠡᠨ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠤᠯᠢ ᠪᠤᠰᠤ ᠪᠠᠷ ᠦᠢᠯᠡᠳᠪᠦᠷᠢᠯᠡᠵᠦ ᠡᠵᠡᠩᠨᠡᠬᠦ ᠠᠵᠢᠯᠯᠠᠭ᠎ᠠ ᠪᠣᠯᠤᠨ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠤᠭᠰᠠᠨ ᠦᠭᠡᠢ ᠪᠠᠶᠢᠪᠠᠯ᠂ ᠬᠠᠤᠯᠢ ᠶᠣᠰᠣᠭᠠᠷ ᠬᠠᠤᠯᠢ ᠬᠡᠷᠡᠭᠵᠢᠭᠦᠯᠵᠦ᠂ ᠵᠢᠷᠤᠮᠵᠢᠯ ᠲᠠᠢ ᠠᠵᠢᠯᠯᠠᠬᠤ ᠶᠢ ᠪᠠᠲᠤᠯᠠᠵᠤ᠂ ᠱᠠᠭᠠᠷᠳᠠᠯᠭ᠎ᠠ ᠶᠣᠰᠣᠭᠠᠷ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠴᠢᠬᠤᠯᠠ ᠶᠡᠭᠡ ᠲᠦᠷᠦᠯ ᠵᠦᠢᠯ ᠤᠨ ᠠᠵᠢᠯ ᠢᠶᠠᠨ ᠡᠬᠢᠯᠡᠭᠦᠯᠵᠦ ᠰᠡᠷᠭᠦᠭᠡᠬᠦ ᠠᠵᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠴᠢᠬᠤᠯᠠ ᠶᠡᠭᠡ ᠲᠦᠷᠦᠯ ᠵᠦᠢᠯ ᠤᠨ ᠪᠦᠬᠦ ᠲᠠᠯ᠎ᠠ ᠪᠠᠷ ᠠᠵᠢᠯ ᠡᠬᠢᠯᠡᠭᠦᠯᠦᠨ ᠪᠦᠳᠦᠭᠡᠨ ᠪᠠᠶᠢᠭᠤᠯᠬᠤ ᠶᠢ ᠲᠦᠷᠭᠡᠳᠬᠡᠨ ᠠᠬᠢᠭᠤᠯᠵᠤ᠂ ᠪᠦᠬᠦ ᠵᠢᠯ ᠤᠨ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠳᠤ ᠪᠠᠲᠤ ᠰᠠᠭᠤᠷᠢ ᠲᠠᠯᠪᠢᠬᠤ ᠬᠡᠷᠡᠭᠲᠡᠢ᠃ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶ ᠪᠣᠯᠭᠠᠵᠤ᠂ ᠬᠠᠮᠵᠢᠯᠴᠠᠭ᠎ᠠ ᠪᠠᠨ ᠴᠢᠩᠭᠠᠳᠬᠠᠨ᠂ ᠠᠵᠢᠯ ᠲᠥᠷᠥᠯ ᠤᠨ ᠵᠢᠯᠣᠭᠤᠳᠣᠯᠭ᠎ᠠ ᠬᠢᠨᠠᠯᠲᠠ ᠬᠠᠮᠢᠶᠠᠷᠤᠯᠲᠠ ᠶᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃