ᠵᠤᠬᠢᠶᠠᠭᠴᠢ:
ᠴᠠᠭ:2025-04-07
ᠥᠵᠡᠭᠰᠡᠨ : ℃
ᠢᠷᠡᠯᠲᠡ:
ᠬᠤᠲᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠤᠷᠠᠯ ᠬᠤᠷᠠᠯᠳᠤᠪᠠ
2025 4 ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠤᠷᠠᠯ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠱᠦᠵᠢ ᠵᠧᠦ ᠺᠠᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠶᠦᠩ ᠬᠤᠷᠠᠯ ᠢ ᠡᠷᠭᠢᠯᠡᠪᠡ᠃
ᠵᠧᠦ ᠺᠠᠢ᠂ ᠶᠡᠷᠦᠩᠬᠡᠢ ᠱᠦᠵᠢ ᠰᠢ ᠫᠢᠩ ᠤᠨ ᠨᠡᠶᠢᠭᠡᠮ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠨᠢ ᠪᠢᠳᠡᠨ ᠤ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠤ᠂ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠪᠥᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ 《ᠬᠤᠶᠠᠷ ᠢ ᠲᠣᠭᠲᠠᠭᠠᠭᠰᠠᠨ》 ᠢ ᠡᠷᠡᠰ ᠬᠦᠷᠢᠶᠡᠯᠡᠵᠦ᠂ 《ᠬᠤᠶᠠᠷ ᠢ ᠬᠠᠮᠠᠭᠠᠯᠠᠬᠤ》 ᠶᠢ ᠡᠷᠡᠰ ᠪᠡᠶᠡᠯᠡᠭᠦᠯᠬᠦ ᠤᠯᠤᠰ ᠲᠥᠷᠥ ᠶᠢᠨ ᠦᠨᠳᠦᠷᠴᠡ ᠠᠴᠠ ᠨᠠᠮ ᠤᠨ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠳᠠᠬᠢ ᠣᠷᠳᠣ ᠬᠤᠭᠤᠴᠠᠭ᠎ᠠ ᠪᠠᠷ ᠲᠥᠷᠥ ᠪᠠᠷᠢᠬᠤ ᠰᠠᠭᠤᠷᠢ ᠶᠢ ᠪᠠᠬᠢᠵᠢᠭᠦᠯᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ ᠶᠢ ᠦᠨᠡᠨ ᠬᠦ ᠪᠠᠲᠤᠯᠠᠬᠤ ᠦᠨᠳᠦᠷᠴᠡ ᠠᠴᠠ ᠰᠢᠨ᠎ᠡ ᠴᠠᠭ ᠦᠶ᠎ᠡ ᠶᠢᠨ ᠨᠡᠶᠢᠭᠡᠮ ᠤᠨ ᠠᠵᠢᠯ ᠢ ᠰᠠᠶᠢᠲᠤᠷ ᠠᠳᠬᠤᠵᠤ᠂ ᠨᠡᠶᠢᠭᠡᠮ ᠤᠨ ᠬᠦᠷᠢᠶᠡᠨ ᠳᠠᠬᠢ 《ᠲᠣᠭᠲᠠᠭᠤᠨ》 ᠢᠶᠠᠷ ᠥᠭᠡᠷᠡᠴᠢᠯᠡᠯᠲᠡ ᠬᠥᠭᠵᠢᠯᠲᠡ ᠶᠢᠨ 《ᠤᠷᠤᠭᠰᠢᠯᠠᠬᠤ》 ᠶᠢ ᠪᠠᠲᠤᠯᠠᠵᠤ᠂ ᠡᠷᠡᠯᠬᠡᠭᠯᠡᠨ ᠤᠷᠤᠭᠰᠢᠯᠠᠭᠰᠠᠨ ᠤᠯᠠᠭᠠᠨᠴᠠᠪ ᠢ ᠨᠠᠩ ᠬᠡᠷᠡᠯ ᠭᠢᠯᠪᠠᠭ᠎ᠠ ᠪᠠᠨ ᠰᠠᠴᠤᠷᠠᠭᠤᠯᠵᠤ᠂ ᠵᠣᠯ ᠵᠢᠷᠭᠠᠯ ᠤᠯᠠᠮ ᠨᠢᠭᠡ ᠠᠯᠬᠤᠮ ᠤᠷᠤᠭᠰᠢᠯᠠᠭᠤᠯᠬᠤ ᠬᠡᠷᠡᠭᠲᠡᠶ ᠭᠡᠵᠦ ᠬᠡᠯᠡᠪᠡ᠃
ᠵᠧᠦ ᠺᠠᠢ᠂ ᠰᠢᠨ᠎ᠡ ᠪᠠᠷ ᠮᠠᠨᠳᠤᠭᠰᠠᠨ ᠬᠦᠷᠢᠶᠡᠨ ᠤ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠶᠢ ᠨᠡᠶᠢᠭᠡᠮ ᠤᠨ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠰᠢᠨ᠎ᠡ ᠠᠵᠤ ᠠᠬᠤᠢ ᠶᠢᠨ ᠵᠣᠬᠢᠶᠠᠨ ᠪᠠᠶᠢᠭᠤᠯᠤᠯᠲᠠ᠂ ᠰᠢᠨ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠤᠨ ᠨᠠᠮ ᠤᠨ ᠪᠠᠶᠢᠭᠤᠯᠤᠯᠲᠠ ᠶᠢ ᠲᠤᠪᠤᠶᠢᠮ᠎ᠠ ᠰᠠᠶᠢᠲᠤᠷ ᠠᠳᠬᠤᠵᠤ᠂ ᠨᠠᠮ ᠤᠨ ᠰᠢᠨ᠎ᠡ ᠪᠠᠷ ᠮᠠᠨᠳᠤᠭᠰᠠᠨ ᠬᠦᠷᠢᠶᠡᠨ ᠤ ᠤᠷᠢᠶᠠᠯᠠᠬᠤ ᠬᠦᠴᠦᠨ ᠨᠢᠭᠲᠠᠷᠠᠯ ᠤᠨ ᠬᠦᠴᠦᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢᠨ ᠦᠨᠳᠦᠰᠦᠨ ᠱᠠᠲᠤᠨ ᠤ ᠵᠠᠰᠠᠯᠲᠠ ᠪᠣᠯᠤᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠬᠦᠳᠦᠯᠦᠨ ᠳᠠᠭᠠᠭᠤᠯᠬᠤ ᠶᠢ ᠴᠢᠩᠭᠠᠳᠬᠠᠵᠤ᠂ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠰᠤᠷᠲᠠᠬᠤᠨ ᠢᠶᠠᠷ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠳᠤ ᠦᠷᠭᠦᠯᠵᠢᠯᠡᠨ ᠬᠦᠴᠦᠨ ᠴᠢᠳᠠᠯ ᠣᠯᠭᠤᠵᠤ᠂ ᠦᠨᠳᠦᠰᠦᠨ ᠱᠠᠲᠤᠨ ᠤ ᠵᠠᠰᠠᠯᠲᠠ ᠶᠢᠨ ᠬᠦᠴᠦᠨ ᠢ ᠲᠠᠰᠤᠷᠠᠯᠲᠠ ᠦᠭᠡᠢ ᠪᠤᠵᠠᠭᠠᠶᠢᠷᠠᠭᠤᠯᠬᠤ ᠬᠡᠷᠡᠭᠲᠡᠢ᠃ ᠤᠯᠠᠨ ᠲᠦᠮᠡᠨ ᠢ ᠨᠢᠭᠲᠠᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ 《ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ》 ᠤᠯᠠᠨ ᠲᠦᠮᠡᠨ ᠤ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠠᠷᠠᠳ ᠤᠨ ᠵᠠᠬᠢᠳᠠᠯ ᠪᠠ ᠠᠷᠠᠳ ᠲᠦᠮᠡᠨ ᠤ ᠰᠠᠨᠠᠭᠤᠯᠭ᠎ᠠ ᠶᠢ ᠴᠤᠭᠯᠠᠭᠤᠯᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠤᠯᠠᠨ ᠲᠦᠮᠡᠨ ᠤ 《ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ》 ᠪᠠᠶᠢᠭ᠎ᠠ ᠠᠰᠠᠭᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠬᠦ ᠬᠡᠷᠡᠭᠲᠡᠢ᠃ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠨᠡᠶᠢᠭᠡᠮ ᠤᠨ ᠠᠵᠢᠯ ᠤᠨ ᠪᠠᠶᠢᠭᠤᠯᠤᠯ ᠲᠣᠭᠲᠠᠴᠠ ᠶᠢ ᠂ ᠨᠡᠶᠢᠭᠡᠮ ᠤᠨ ᠠᠵᠢᠯ ᠤᠨ ᠰᠠᠯᠠᠭ᠎ᠠ ᠮᠥᠴᠢᠷ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠬᠡᠯᠡᠪᠡ᠃
ᠬᠤᠷᠠᠯ ᠳᠡᠭᠡᠷ᠎ᠡ᠂ ᠵᠢᠨᠢᠩ ᠲᠣᠭᠤᠷᠢᠭ᠂ ᠹᠧᠩᠵᠧᠨ ᠬᠤᠲᠠ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠪᠣᠯᠤᠨ ᠬᠤᠲᠠ ᠶᠢᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠬᠡᠷ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠪᠡ᠃
ᠬᠤᠷᠠᠯ ᠢ ᠸᠢᠳᠢᠤ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠃