ᠵᠤᠬᠢᠶᠠᠭᠴᠢ:
ᠴᠠᠭ:2025-03-24
ᠥᠵᠡᠭᠰᠡᠨ : ℃
ᠢᠷᠡᠯᠲᠡ: ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ
ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
2025 3 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠺᠠᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠲᠥᠪ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠯᠭ᠎ᠠ ᠬᠥᠮᠦᠵᠢᠯ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃
ᠬᠤᠷᠠᠯ ᠠᠴᠠ 《ᠪᠦᠬᠦ ᠨᠠᠮ ᠳᠤ ᠲᠥᠪ ᠤᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠢ ᠥᠷᠨᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ》᠂ 3 ᠰᠠᠷ᠎ᠠ ᠶᠢᠨ 12 ᠤᠨ ᠡᠳᠦᠷ ᠲᠥᠪ ᠤᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 《ᠪᠦᠬᠦ ᠬᠤᠳᠠ ᠳᠤ ᠲᠥᠪ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠬᠠᠢ ᠠᠵᠢᠯ ᠤᠨ ᠲᠥᠰᠦᠯ》 ᠢ ᠬᠢᠨᠠᠨ ᠵᠥᠪᠯᠡᠵᠦ᠂ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠬᠦ ᠶᠢ ᠨᠢᠭᠡ ᠴᠤᠭᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ︔ ᠨᠢᠭᠡᠳᠦᠯᠲᠡᠢ ᠲᠥᠯᠥᠪᠵᠢᠭᠦᠯᠬᠦ ᠪᠠᠨ ᠴᠢᠩᠭᠠᠳᠬᠠᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢᠶᠠᠷ ᠮᠠᠨ ᠤ ᠬᠤᠳᠠ ᠶᠢᠨ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ︔ ᠨᠠᠷᠢᠨ ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ᠪᠦᠬᠦ ᠬᠤᠳᠠ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ 《ᠦᠨᠡᠨ》 ᠰᠡᠳᠬᠦᠯ ᠤᠨ ᠨᠡᠶᠢᠲᠡᠯᠡᠭᠰᠡᠨ ᠶᠡᠷᠦᠩᠬᠡᠶ ᠱᠦᠵᠢ ᠰᠢ ᠫᠢᠩ ᠤᠨ 《ᠠᠵᠤ ᠠᠬᠤᠢ ᠶᠢᠨ ᠠᠵᠢᠯ ᠳᠤ ᠡᠷᠬᠡᠪᠰᠢ ᠬᠡᠳᠦᠨ ᠬᠤᠣᠰ ᠴᠢᠬᠤᠯᠠ ᠬᠠᠷᠢᠴᠠᠭ᠎ᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ》᠂ 《〈ᠬᠤᠶᠠᠷ ᠢ ᠭᠤᠶᠢᠪᠢᠰᠢ ᠦᠭᠡᠢ〉 ᠪᠠᠷᠢᠮᠲᠠᠯᠠᠬᠤ ᠪᠠ ᠨᠠᠶᠢᠳᠠᠪᠤᠷᠢᠵᠢᠭᠤᠯᠬᠤ》 ᠵᠡᠷᠭᠡ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠢᠭᠡᠳᠦᠯᠲᠡᠢ ᠲᠥᠯᠥᠪᠵᠢᠭᠦᠯᠬᠦ ᠰᠡᠳᠬᠢᠬᠦᠢ ᠪᠠ ᠠᠷᠭ᠎ᠠ ᠶᠢ ᠬᠡᠷᠡᠭᠯᠡᠬᠦ ᠶᠢ ᠴᠢᠬᠤᠯᠠᠴᠢᠯᠠᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ︔ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠪᠠᠷ ᠬᠥᠲᠥᠯᠦᠮᠵᠢ ᠪᠣᠯᠭᠠᠨ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠷᠠᠳ ᠠᠵᠤ ᠠᠬᠤᠶᠢᠯᠠᠯ ᠢ ᠦᠨᠡᠨ ᠪᠣᠳᠠᠲᠠᠢ ᠪᠠᠷ ᠬᠠᠪᠰᠤᠷᠤᠨ ᠬᠦᠴᠢᠷᠳᠡᠯᠲᠡᠢ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ 2024 ᠣᠨ ᠤ ᠪᠥᠬᠦ ᠬᠤᠲᠠ ᠶᠢᠨ 《ᠲᠠᠪᠤᠨ ᠶᠡᠭᠡ ᠡᠭᠦᠷᠭᠡ》 ᠶᠢ ᠪᠡᠶᠡᠯᠡᠭᠦᠯᠬᠦ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 《ᠲᠠᠪᠤᠨ ᠶᠡᠭᠡ ᠡᠭᠦᠷᠭᠡ》 ᠶᠢᠨ 2025 ᠣᠨ ᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢ ᠬᠢᠨᠠᠨ ᠵᠥᠪᠯᠡᠵᠦ᠂ 《ᠲᠠᠪᠤᠨ ᠶᠡᠭᠡ ᠡᠭᠦᠷᠭᠡ》 ᠶᠢ ᠪᠡᠶᠡᠯᠡᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ 《ᠲᠠᠪᠤᠨ ᠶᠡᠭᠡ ᠡᠭᠦᠷᠭᠡ 》 ᠶᠢᠨ ᠡᠯ᠎ᠡ ᠵᠦᠢᠯ ᠤᠨ ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
ᠬᠤᠷᠠᠯ ᠠᠴᠠ ᠪᠦᠬᠦ ᠬᠤᠲᠠ ᠶᠢᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ 《ᠬᠤᠲᠠ ᠶᠢᠨ ᠨᠠᠮ ᠤᠨ ᠬᠤᠷᠢᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2025 ᠣᠨ ᠤ ᠠᠵᠢᠯ ᠤᠨ ᠭᠤᠣᠯᠳᠠᠯᠭ᠎ᠠ》 ᠶᠢ ᠬᠢᠨᠠᠨ ᠵᠥᠪᠯᠡᠪᠡ᠃
ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃