ᠵᠤᠬᠢᠶᠠᠭᠴᠢ:
ᠴᠠᠭ:2025-05-05
ᠥᠵᠡᠭᠰᠡᠨ : ℃
ᠢᠷᠡᠯᠲᠡ: ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
ᠬᠤᠭᠤᠴᠠᠭᠠᠨ ᠤ ᠲᠣᠭᠠᠴᠢᠯᠠᠭᠰᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠦᠷᠦᠭᠦᠴᠦᠳ ᠤᠨ ᠬᠤᠷᠠᠯ ᠤᠨ ᠬᠤᠭᠤᠴᠠᠭᠠᠨ ᠳᠤ ᠬᠤᠲᠠ ᠶᠢᠨ ᠤᠳᠤᠷᠢᠳᠤᠯᠭ᠎ᠠ ᠪᠦᠯᠬᠦᠮ ᠳᠠᠭᠠᠭᠤᠯᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠪᠡ
2025 4 ᠶᠢᠨ 28 ᠤ ᠡᠳᠦᠷ ᠠᠴᠠ 30 ᠤ ᠡᠳᠦᠷ ᠪᠣᠯᠲᠠᠯ᠎ᠠ᠂ ᠬᠤᠭᠤᠴᠠᠭᠠᠨ ᠤ ᠲᠣᠭᠠᠴᠢᠯᠠᠭᠰᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠲᠦᠷᠦᠭᠦᠴᠦᠳ ᠤᠨ ᠬᠤᠷᠠᠯ ᠤᠨ ᠬᠤᠭᠤᠴᠠᠭᠠᠨ ᠳᠤ ᠬᠤᠲᠠ ᠶᠢᠨ ᠳᠡᠳ᠋ ᠳᠠᠷᠤᠭ᠎ᠠ ᠴᠠᠢ ᠶᠤᠸᠠᠢ ᠪᠦᠯᠬᠦᠮ ᠳᠠᠭᠠᠭᠤᠯᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯᠯᠠᠭ᠎ᠠ ᠥᠷᠨᠢᠭᠦᠯᠪᠡ᠃
ᠡᠨᠡ ᠬᠤᠭᠤᠴᠠᠭᠠᠨ ᠳᠤ᠂ ᠲᠥᠯᠥᠭᠡᠯᠡᠭᠴᠢᠳ ᠤᠨ ᠪᠦᠯᠬᠦᠮ ᠲᠦᠩ ᠲᠠᠢ ᠢ ᠮᠡᠳᠡᠭᠡ ᠵᠠᠩᠭᠢ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠰᠢᠩ ᠶᠦᠨ ᠡᠯᠧᠺᠲᠷᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠠᠵᠤ ᠠᠬᠤᠶᠢᠯᠠᠯ ᠤᠨ ᠦᠢᠯᠡᠴᠢᠯᠡᠭᠦᠷ ᠦᠢᠯᠡᠳᠬᠦ᠂ ᠺᠣᠮᠫᠢᠦ᠋ᠲ᠋ᠧᠷ ᠤᠨ ᠦᠵᠦᠭᠦᠷ ᠤᠨ ᠦᠢᠯᠡᠳᠬᠦᠨ᠂ ᠯᠢᠲ᠋ᠢ ᠴᠠᠬᠢᠯᠭᠠᠨ ᠴᠡᠨᠡᠭ ᠤᠨ ᠲᠥᠬᠦᠭᠡᠷᠦᠮᠵᠢ᠂ ᠡᠨᠧᠷᠭᠢ ᠬᠠᠳᠠᠭᠠᠯᠠᠬᠤ ᠮᠡᠷᠭᠡᠵᠢᠯ ᠵᠡᠷᠭᠡ ᠬᠦᠷᠢᠶᠡᠨ ᠤ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠴᠠᠢ ᠶᠤᠸᠠᠢ ᠤᠯᠠᠭᠠᠨᠴᠠᠪ ᠬᠤᠲᠠ ᠶᠢᠨ ᠪᠤᠳᠤᠯᠲᠠ ᠶᠢᠨ ᠬᠦᠴᠦᠨ ᠤ ᠠᠵᠤ ᠦᠢᠯᠡᠰ ᠤᠨ ᠣᠷᠣᠨ ᠪᠠᠶᠢᠷᠢ ᠶᠢᠨ ᠳᠠᠪᠠᠭᠤᠯᠢᠭ᠂ ᠪᠣᠬᠢᠷᠲᠤᠯ ᠥᠬᠡᠶ ᠴᠠᠬᠢᠯᠭᠠᠨ ᠤ ᠡᠬᠢ ᠪᠠᠶᠠᠯᠢᠭ ᠵᠡᠷᠭᠡ ᠶᠢᠨ ᠲᠣᠭᠤᠷᠢᠨ ᠳᠤ ᠠᠵᠤ ᠠᠬᠤᠶᠢᠯᠠᠯ ᠳᠤ ᠲᠠᠨᠢᠯᠴᠠᠭᠤᠯᠭ᠎ᠠ ᠬᠢᠪᠠ᠃
ᠴᠠᠢ ᠶᠤᠸᠠᠢ᠂ ᠤᠯᠠᠭᠠᠨᠴᠠᠪ ᠤᠷᠢᠳᠠᠪᠠᠷ ᠲᠥᠯᠥᠪᠵᠢᠭᠦᠯᠵᠦ᠂ ᠠᠵᠠ ᠲᠤᠬᠢᠶᠠᠯ ᠢ ᠡᠵᠡᠮᠳᠠᠨ ᠠᠰᠢᠭᠯᠠᠵᠤ᠂ ᠪᠤᠳᠤᠯᠲᠠ ᠶᠢᠨ ᠬᠦᠴᠦᠨ ᠤ ᠡᠬᠢ ᠪᠠᠶᠠᠯᠢᠭ ᠤᠨ ᠪᠠᠶᠢᠷᠢᠰᠢᠭᠤᠯᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ 《ᠵᠣᠬᠢᠶᠠᠮᠠᠯ ᠣᠶᠤᠨ +》 ᠶᠢᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂《ᠲᠤᠭ᠎ᠠ ᠪᠠᠷᠢᠮᠲᠠ ᠶᠢᠨ ᠡᠯᠧᠮᠧᠨ᠋ᠲ ×》ᠬᠡᠷᠡᠭᠯᠡᠭᠡᠨ ᠤ ᠦᠵᠡᠭᠳᠡᠯ ᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠣᠷᠣᠨ ᠪᠦᠰᠡ ᠠᠯᠤᠰᠯᠠᠭᠰᠠᠨ ᠪᠤᠳᠤᠯᠲᠠ ᠶᠢᠨ ᠬᠦᠴᠦᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠲᠣᠭᠠᠴᠢᠯᠠᠭᠰᠠᠨ ᠮᠡᠷᠭᠡᠵᠢᠯ ᠤᠨ ᠴᠢᠳᠠᠪᠤᠷᠢᠲᠠᠨ ᠢ ᠬᠥᠮᠦᠵᠢᠭᠦᠯᠬᠦ ᠲᠣᠭᠲᠠᠯᠴᠠᠭ᠎ᠠ ᠶᠢ ᠪᠦᠷᠢᠨᠰᠢᠬᠦᠯᠵᠦ᠂ ᠪᠤᠳᠤᠯᠲᠠ ᠶᠢᠨ ᠬᠦᠴᠦᠨ ᠤ ᠠᠵᠤ ᠦᠢᠯᠡᠰ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠠᠮᠵᠢᠯᠴᠠᠨ ᠬᠥᠭᠵᠢᠬᠦ ᠶᠢ ᠲᠦᠷᠭᠡᠳᠬᠡᠨ᠂ ᠨᠠᠩ ᠣᠯᠠᠨ ᠴᠢᠨᠠᠷ ᠰᠠᠶᠢᠲᠠᠶ ᠪᠤᠳᠤᠯᠲᠠ ᠶᠢᠨ ᠬᠦᠴᠦᠨ ᠤ ᠲᠥᠷᠥᠯ ᠵᠦᠢᠯ ᠢ ᠨᠠᠶᠢᠳᠠᠪᠤᠷᠢᠵᠢᠭᠤᠯᠵᠤ᠂《ᠲᠣᠭᠠᠴᠢᠯᠠᠭᠰᠠᠨ ᠳᠤᠮᠳᠠᠳᠤ ᠤᠯᠤᠰ》 ᠤᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠨ᠎ᠡ ᠭᠡᠵᠦ ᠢᠯᠡᠷᠬᠡᠶᠢᠯᠡᠪᠡ᠃