ᠵᠤᠬᠢᠶᠠᠭᠴᠢ:
ᠴᠠᠭ:2025-05-05
ᠥᠵᠡᠭᠰᠡᠨ : ℃
ᠢᠷᠡᠯᠲᠡ: ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠭᠤᠷᠪᠠᠳᠤᠭᠠᠷ ᠤᠳᠠᠭ᠎ᠠ ᠶᠢᠨ ᠬᠤᠷᠠᠯ ᠬᠤᠷᠠᠯᠳᠤᠪᠠ
2025 4 ᠶᠢᠨ 28 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠯᠢᠶᠠᠩ ᠤᠯᠠᠭᠠᠨᠴᠠᠪ ᠬᠤᠲᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃
ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠹᠠᠩ ᠽᠧ᠂ ᠬᠤᠲᠠ ᠶᠢᠨ ᠳᠡᠳ᠋ ᠳᠠᠷᠤᠭ᠎ᠠ ᠬᠤᠤ ᠶᠦᠨ ᠲᠤᠤ ᠬᠤᠷᠠᠯ ᠳᠤ ᠰᠤᠯᠠ ᠣᠷᠣᠯᠴᠠᠪᠠ᠃
ᠬᠤᠷᠠᠯ ᠠᠴᠠ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ᠂ ᠠᠵᠤ ᠠᠬᠤᠶᠢᠯᠠᠯ ᠤᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠠᠮᠢᠶᠠᠷᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠵᠡᠷᠭᠡ ᠬᠠᠮᠢᠶ᠎ᠠ ᠪᠥᠬᠦᠶ ᠬᠢᠨᠠᠨ ᠵᠥᠪᠯᠡᠭᠰᠡᠨ ᠰᠠᠨᠠᠯ︵ᠲᠥᠰᠦᠯ︶ᠪᠣᠯᠤᠨ ᠬᠤᠯᠪᠣᠭᠳᠠᠯ ᠪᠥᠬᠦᠶ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠵᠦᠢᠯᠡᠰ ᠢ ᠪᠠᠲᠤᠯᠠᠭᠰᠠᠨ ᠪᠥᠭᠡᠳ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠬᠥᠮᠦᠰ ᠲᠤ ᠲᠤᠰᠢᠶᠠᠯ ᠳᠤ ᠲᠣᠮᠢᠯᠠᠬᠤ ᠪᠢᠴᠢᠭ ᠣᠯᠭᠤᠵᠤ᠂ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ᠃
ᠬᠤᠷᠠᠯ ᠠᠴᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠥᠬᠡᠮᠳᠦᠭ ᠨᠣᠭᠤᠭᠠᠨ ᠠᠭᠤᠯᠠ ᠤᠰᠤ ᠶᠢ ᠰᠠᠶᠢᠲᠤᠷ ᠰᠠᠬᠢᠨ ᠬᠠᠮᠠᠭᠠᠯᠠᠬᠤ ᠬᠡᠷᠡᠭᠲᠡᠢ᠃ ᠬᠤᠲᠠ ᠶᠢᠨ ᠨᠠᠮ ᠤᠨ ᠬᠤᠷᠢᠶᠠᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠪᠠ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠠᠵᠢᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠲᠡᠶ ᠠᠵᠤ ᠠᠬᠤᠶ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠶ᠃ ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠲᠠᠯ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠳᠠᠶᠢᠴᠢᠯᠠᠬᠤ ᠬᠡᠷᠡᠭᠲᠡᠶ ᠭᠡᠵᠦ ᠴᠢᠬᠤᠯᠠᠴᠢᠯᠠᠪᠠ᠃