ᠵᠤᠬᠢᠶᠠᠭᠴᠢ:
ᠴᠠᠭ:2025-04-25
ᠥᠵᠡᠭᠰᠡᠨ : ℃
ᠢᠷᠡᠯᠲᠡ:
ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
2025 4 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠢᠦ ᠬᠠᠶ ᠴᠢᠤᠸᠠᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠪᠥᠬᠦ ᠬᠤᠲᠠ ᠶᠢᠨ ᠠᠵᠤ ᠠᠬᠤᠶ ᠶᠢᠨ ᠠᠵᠢᠯᠯᠠᠭᠠᠨ᠂ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃
ᠬᠤᠷᠠᠯ ᠠᠴᠠ ᠶᠡᠷᠦᠩᠬᠡᠶ ᠱᠦᠵᠢ ᠰᠢ ᠫᠢᠩ ᠤᠨ《ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠷᠬᠡᠭ ᠤᠯᠤᠰ ᠢ ᠪᠥᠲᠥᠭᠡᠨ ᠪᠠᠶᠢᠭᠤᠯᠬᠤ ᠠᠤᠭ᠎ᠠ ᠬᠠᠷᠠᠯᠲᠠ ᠲᠡᠶᠢᠰᠢ ᠡᠷᠡᠯᠬᠡᠭᠯᠡᠨ ᠤᠷᠤᠭᠰᠢᠯᠠᠶ᠎ᠠ》ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠂ ᠰᠢᠨᠵᠢᠯᠡᠬᠦ ᠤᠬᠠᠭᠠᠨ ᠮᠡᠷᠭᠡᠵᠢᠯ ᠤᠨ《ᠪᠦᠰᠡᠯᠡᠯᠲᠡ ᠶᠢ ᠰᠢᠪᠲᠤᠯᠬᠤ》ᠢᠨᠵᠧᠨᠧᠷᠢᠩ ᠢ ᠪᠥᠬᠦ ᠬᠦᠴᠦᠨ ᠢᠶᠠᠷ ᠢᠶᠠᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠲᠦᠷᠭᠡᠳᠬᠡᠵᠦ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃
ᠬᠤᠷᠠᠯ ᠠᠴᠠ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠢ ᠵᠠᠳᠠᠯᠵᠤ᠂ ᠬᠠᠷᠠᠯᠲᠠ ᠡᠭᠦᠷᠭᠡ ᠪᠠᠨ ᠲᠣᠭᠲᠠᠭᠠᠵᠤ᠂ ᠠᠤᠭ᠎ᠠ ᠰᠠᠨᠠᠭ᠎ᠠ ᠡᠷᠴᠢ ᠵᠣᠷᠢᠭ ᠢ ᠪᠤᠢ ᠪᠣᠯᠭᠠᠵᠤ᠂ ᠠᠰᠠᠭᠤᠳᠠᠯ ᠳᠤ ᠰᠢᠭᠤᠳ ᠬᠠᠨᠳᠤᠵᠤ᠂ ᠵᠦᠷᠢᠶ᠎ᠡ ᠪᠠᠨ ᠲᠣᠳᠣᠷᠬᠠᠢ ᠲᠠᠨᠢᠵᠤ᠂ ᠴᠠᠭ ᠮᠥᠴᠡ ᠶᠢ ᠠᠮᠵᠢᠵᠤ᠂ ᠬᠦᠴᠦᠯᠡᠨ ᠲᠡᠮᠡᠴᠡᠵᠦ᠂ ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ ᠶᠢ ᠴᠢᠩᠭ᠎ᠠ ᠠᠳᠬᠤᠵᠤ᠂ ᠰᠢᠨ᠎ᠡ ᠨᠡᠮᠡᠭᠳᠡᠯ ᠤᠨ ᠬᠡᠮᠵᠢᠶ᠎ᠡ ᠶᠢ ᠠᠳᠬᠤᠵᠤ᠂ ᠰᠢᠨ᠎ᠡ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠠᠵᠤ ᠦᠢᠯᠡᠳᠪᠦᠷᠢ ᠶᠢᠨ ᠨᠡᠮᠡᠭᠳᠡᠯ ᠤᠨ ᠬᠡᠮᠵᠢᠶ᠎ᠡ ᠶᠢ ᠠᠳᠬᠤᠬᠤ ᠶᠢ ᠴᠢᠩᠭ᠎ᠠ ᠠᠩᠬᠠᠷᠴᠤ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠦᠢᠯᠡᠳᠬᠦᠨ ᠢ ᠬᠢᠨᠠᠨ ᠬᠡᠮᠵᠢᠵᠦ ᠵᠠᠳᠠᠯᠬᠤ ᠶᠢ ᠴᠢᠩᠭᠠᠳᠬᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠪᠤᠶᠢᠵᠢᠭᠤᠯᠬᠤ ᠬᠥᠮᠥᠷᠭᠡ ᠶᠢ ᠪᠠᠶᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠠᠵᠤ ᠦᠢᠯᠡᠳᠪᠦᠷᠢ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠲᠦᠷᠦᠯ ᠵᠦᠢᠯ ᠢ ᠴᠢᠩᠭ᠎ᠠ ᠠᠩᠬᠠᠷᠴᠤ ᠪᠡᠯᠡ ᠣᠷᠣᠭᠤᠯᠤᠯᠲᠠ ᠶᠢ ᠠᠳᠬᠤᠵᠤ᠂ ᠭᠠᠷᠳᠠᠮ ᠭᠦᠢᠴᠡᠳᠬᠡᠬᠦ ᠶᠢ ᠲᠦᠷᠭᠡᠳᠬᠡᠵᠦ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠨᠡᠩ ᠤᠯᠠᠨ ᠪᠣᠳᠠᠲᠤ ᠪᠣᠳᠠᠰ ᠤᠨ ᠬᠡᠮᠵᠢᠶ᠎ᠡ ᠶᠢ ᠪᠦᠷᠢᠯᠳᠦᠭᠦᠯᠵᠦ᠂ ᠲᠦᠷᠦᠯ ᠵᠦᠢᠯ ᠢ ᠠᠯᠢ ᠲᠦᠷᠭᠡᠨ ᠢᠶᠠᠷ ᠠᠵᠤ ᠠᠬᠤᠶᠢᠯᠠᠯ ᠪᠣᠯᠭᠠᠨ ᠪᠠᠶᠢᠭᠤᠯᠬᠤ ᠬᠡᠷᠡᠭᠲᠡᠢ᠃ ᠳᠠᠯᠳᠠ ᠬᠦᠴᠦᠨ ᠢ ᠠᠭᠤᠳᠠᠯᠤᠨ ᠬᠡᠷᠡᠭᠯᠡᠭᠡ ᠶᠢ ᠠᠳᠬᠤᠵᠤ᠂ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠶᠡᠬᠡᠪᠡᠷ ᠠᠬᠢᠭᠤᠯᠵᠤ᠂ ᠤᠯᠠᠨ ᠬᠦᠷᠢᠶ᠎ᠡ᠂ ᠤᠯᠠᠨ ᠲᠡᠰ ᠳᠠᠪᠬᠤᠷᠭ᠎ᠠ᠂ ᠤᠯᠠᠨ ᠡᠰᠢᠴᠢᠯᠡᠨ ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠥᠷᠨᠢᠭᠦᠯᠵᠦ᠂ ᠬᠡᠷᠡᠭᠯᠡᠭᠡᠨ ᠤ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠬᠤ ᠬᠡᠷᠡᠭᠲᠡᠢ᠃ ᠠᠵᠤ ᠦᠢᠯᠡᠰ ᠢ ᠴᠢᠩᠭ᠎ᠠ ᠠᠩᠬᠠᠷᠴᠤ ᠠᠷᠠᠯᠵᠢᠶᠠᠴᠢᠨ ᠤᠷᠢᠬᠤ ᠶᠢ ᠠᠳᠬᠤᠵᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠬᠡᠯᠬᠢᠶ᠎ᠡ ᠪᠠᠷ ᠠᠷᠠᠯᠵᠢᠶᠠᠴᠢᠨ ᠤᠷᠢᠬᠤ ᠶᠢ ᠶᠡᠬᠡᠪᠡᠷ ᠥᠷᠨᠢᠭᠦᠯᠵᠦ᠂ ᠨᠢᠭᠡ ᠪᠦᠯᠦᠭ ᠲᠤᠮᠤ ᠲᠦᠷᠦᠯ ᠵᠦᠢᠯ ᠰᠠᠶᠢᠨ ᠲᠦᠷᠦᠯ ᠵᠦᠢᠯ ᠢ ᠪᠦᠬᠦ ᠬᠦᠴᠦᠨ ᠢᠶᠠᠷ ᠢᠶᠠᠨ ᠣᠷᠣᠭᠤᠯᠤᠨ ᠠᠪᠴᠢᠷᠠᠬᠤ ᠬᠡᠷᠡᠭᠲᠡᠢ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠤᠷᠲᠠᠯ ᠢ ᠪᠠᠬᠢᠵᠢᠭᠦᠯᠵᠦ᠂ ᠠᠵᠢᠯᠯᠠᠬᠤ ᠶᠢ ᠲᠡᠷᠢᠭᠦᠨ ᠳᠤ ᠲᠠᠯᠪᠢᠵᠤ᠂ ᠳᠡᠭᠡᠷ᠎ᠡ ᠬᠠᠭᠠᠰ ᠵᠢᠯ ᠳᠤ ᠰᠢᠢᠳᠪᠦᠷᠢᠲᠦ ᠳᠠᠶᠢᠯᠠᠯᠳᠤᠭᠠᠨ ᠬᠢᠵᠦ᠂ 2025 ᠣᠨ ᠤ ᠰᠢᠢᠳᠪᠦᠷᠢᠲᠦ ᠢᠯᠠᠯᠲᠠ ᠶᠢ ᠣᠯᠵᠤ᠂ ᠡᠯ᠎ᠡ ᠵᠦᠢᠯ ᠤᠨ ᠠᠵᠢᠯ ᠤᠨ ᠲᠡᠷᠢᠭᠦᠨ ᠤ ᠬᠢ ᠪᠣᠯᠬᠤ ᠪᠠᠷ ᠴᠢᠷᠮᠠᠶᠢᠬᠤ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃