ᠵᠤᠬᠢᠶᠠᠭᠴᠢ:
ᠴᠠᠭ:2025-05-30
ᠥᠵᠡᠭᠰᠡᠨ : ℃
ᠢᠷᠡᠯᠲᠡ: ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
ᠬᠤᠲᠠ ᠶᠢᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ
2025 5 ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠢᠦ ᠬᠠᠶ ᠴᠢᠤᠸᠠᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃
ᠬᠤᠷᠠᠯ ᠠᠴᠠ ᠶᠡᠷᠦᠩᠬᠡᠢ ᠱᠦᠵᠢ ᠤᠨ《ᠠᠷᠪᠠᠨ ᠲᠠᠪᠤᠳᠤᠭᠠᠷ ᠲᠠᠪᠤᠨ ᠵᠢᠯ》 ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂《ᠠᠷᠪᠠᠨ ᠲᠠᠪᠤᠳᠤᠭᠠᠷ ᠲᠠᠪᠤᠨ ᠵᠢᠯ》 ᠤᠨ ᠲᠥᠯᠥᠪᠵᠢᠭᠦᠯᠭᠡ ᠶᠢ ᠲᠥᠯᠥᠪᠵᠢᠭᠦᠯᠦᠨ ᠪᠠᠶᠢᠷᠢᠰᠢᠭᠤᠯᠬᠤ ᠶᠢ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠥᠨᠳᠥᠷ ᠲᠦᠪᠰᠢᠨ ᠲᠠᠢ ᠲᠥᠯᠥᠪᠵᠢᠭᠦᠯᠭᠡ ᠪᠠᠷ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠶᠡᠷᠦᠩᠬᠡᠢ ᠱᠦᠵᠢ ᠤᠨ ᠾᠧᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂《ᠲᠠᠪᠤᠨ ᠶᠡᠭᠡ ᠡᠭᠦᠷᠭᠡ》《ᠵᠢᠷᠭᠤᠭᠠᠨ ᠢᠨᠵᠧᠨᠧᠷᠢᠩ》《ᠵᠢᠷᠭᠤᠭᠠᠨ ᠠᠵᠢᠯᠯᠠᠭ᠎ᠠ》 ᠶᠢ ᠬᠦᠴᠦᠯᠡᠨ ᠠᠬᠢᠭᠤᠯᠵᠤ᠂ ᠠᠵᠤ ᠠᠬᠤᠢ ᠶᠢᠨ ᠠᠵᠢᠯᠯᠠᠭ᠎ᠠ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠵᠤ ᠠᠬᠤᠶᠢᠯᠠᠯ ᠢ ᠲᠤᠰᠠᠯᠠᠬᠤ ᠦᠢᠯᠡᠴᠢᠯᠡᠭᠡ᠂ ᠦᠢᠯᠡᠳᠪᠦᠷᠢᠯᠡᠯ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠰᠢᠨ᠎ᠡ ᠨᠡᠮᠡᠭᠳᠡᠯ ᠢ ᠠᠳᠬᠤᠵᠤ᠂ ᠰᠢᠨ᠎ᠡ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠲᠥᠪ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠰᠤᠷᠤᠯᠴᠠᠨ ᠪᠠᠶᠢᠴᠠᠭᠠᠵᠤ ᠥᠭᠡᠷᠡᠴᠢᠯᠡᠬᠦ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠵᠤ᠂ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
ᠬᠤᠷᠠᠯ ᠠᠴᠠ ᠶᠡᠷᠦᠩᠬᠡᠢ ᠱᠦᠵᠢ ᠤᠨ ᠭᠤᠴᠢᠨ ᠲᠠᠪᠤᠳᠠᠭᠢ ᠪᠦᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠬᠦᠷᠴᠦ ᠢᠷᠡᠬᠦ ᠲᠠᠰᠢᠷᠠᠮ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠲᠦᠷᠢᠮ ᠪᠣᠯᠤᠨ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠦᠨᠡᠨ ᠰᠡᠳᠬᠢᠯ ᠠᠴᠠ ᠪᠠᠨ ᠵᠡᠮᠳᠡᠭᠴᠦᠳ ᠲᠤ ᠰᠠᠶᠢᠨ ᠶᠠᠪᠤᠳᠠᠯ ᠬᠢᠵᠦ᠂ ᠵᠡᠮᠳᠡᠭᠴᠦᠳ ᠤᠨ ᠬᠦᠷᠲᠡᠮᠵᠢ ᠶᠢᠨ ᠲᠦᠷᠦᠭᠳᠡᠯ ᠵᠣᠯ ᠵᠢᠷᠭᠠᠯᠲᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠶᠡᠷᠦᠩᠬᠡᠢ ᠱᠦᠵᠢ ᠤᠨ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠲᠤᠬᠠᠢ ᠴᠢᠬᠤᠯᠠ ᠥᠭᠦᠯᠡᠯᠲᠡ ᠶᠢ ᠲᠠᠬᠢᠨ ᠰᠤᠷᠤᠯᠴᠠᠵᠤ᠂ 《ᠠᠷᠪᠢᠯᠠᠨ ᠭᠠᠮᠨᠠᠵᠤ ᠠᠮᠢᠳᠤᠷᠠᠬᠤ》ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂《ᠨᠠᠮ ᠵᠠᠰᠠᠭ ᠤᠨ ᠪᠠᠶᠢᠭᠤᠯᠭ᠎ᠠ ᠰᠠᠶᠢᠲᠤᠷ ᠠᠷᠪᠢᠯᠠᠨ ᠭᠠᠮᠨᠠᠵᠤ ᠪᠦᠷᠢᠯᠭᠡᠨ ᠰᠦᠢᠳᠭᠡᠬᠦ ᠶᠢ ᠡᠰᠡᠷᠭᠦᠴᠡᠬᠦ ᠲᠦᠷᠢᠮ》 ᠢ ᠰᠠᠶᠢᠲᠤᠷ ᠰᠤᠷᠤᠯᠴᠠᠨ ᠤᠬᠠᠭᠤᠯᠵᠤ ᠂ ᠪᠦᠷᠢᠯᠭᠡᠨ ᠰᠦᠢᠳᠭᠡᠬᠦ ᠨᠢ ᠢᠴᠢᠭᠦᠷᠢᠳᠡᠢ᠂ ᠠᠷᠪᠢᠯᠠᠬᠤ ᠨᠢ ᠢᠷᠠᠭᠤ ᠠᠯᠳᠠᠷᠲᠠᠢ ᠭᠡᠬᠦ ᠭᠦᠨ ᠵᠤᠵᠠᠭᠠᠨ ᠠᠭᠤᠷ ᠠᠮᠢᠰᠬᠤᠯ ᠢ ᠦᠨᠡᠨ ᠬᠦ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ᠂ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠭᠦᠨᠵᠡᠭᠡᠢ ᠰᠤᠷᠤᠯᠴᠠᠨ ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠦᠭᠡᠢ ᠰᠠᠶᠢᠵᠢᠷᠠᠭᠤᠯᠵᠤ᠂ ᠪᠣᠬᠢᠷᠲᠤᠯ ᠦᠭᠡᠢ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃