ᠵᠤᠬᠢᠶᠠᠭᠴᠢ:
ᠴᠠᠭ:2025-05-23
ᠥᠵᠡᠭᠰᠡᠨ : ℃
ᠢᠷᠡᠯᠲᠡ: ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
ᠵᠧᠤ ᠺᠠᠶ ᠵᠢᠨᠢᠩ ᠲᠣᠭᠤᠷᠢᠭ ᠲᠤ ᠪᠠᠶᠢᠴᠠᠭᠠᠨ ᠰᠤᠳᠤᠯᠬᠤ ᠶᠢᠨ ᠬᠠᠮᠲᠤ ᠰᠤᠷᠪᠤᠯᠵᠢᠯᠠᠭ᠎ᠠ ᠬᠦᠯᠢᠶᠡᠪᠡ
2025 5 ᠰᠠᠷ᠎ᠠ ᠶᠢᠨ 14 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠦ ᠺᠠᠢ ᠵᠢᠨᠢᠩ ᠲᠣᠭᠤᠷᠢᠭ ᠲᠤ ᠵᠠᠭᠠᠯᠳᠤᠬᠤ ᠠᠴᠠ ᠡᠮᠦᠨ᠎ᠡ ᠡᠶᠡᠳᠡᠭᠦᠯᠬᠦ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠳᠣᠷᠣᠭᠰᠢ ᠪᠠᠭᠤᠵᠤ ᠰᠤᠷᠪᠤᠯᠵᠢᠯᠠᠭ᠎ᠠ ᠶᠢ ᠬᠦᠯᠢᠶᠡᠬᠦ ᠠᠵᠢᠯ ᠥᠷᠨᠢᠭᠦᠯᠪᠡ᠃
ᠵᠢᠨᠢᠩ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠵᠠᠭᠠᠯᠳᠤᠯᠭ᠎ᠠ ᠡᠶᠡᠳᠡᠭᠦᠯᠬᠦ ᠶᠢ ᠵᠣᠯᠭᠠᠭᠤᠯᠬᠤ ᠲᠥᠪ ᠪᠣᠯᠤᠨ ᠵᠢᠨᠢᠩ ᠲᠣᠭᠤᠷᠢᠭ ᠤᠨ ᠶᠡᠷᠦᠩᠬᠡᠶᠢᠯᠡᠨ ᠵᠠᠰᠠᠬᠤ ᠲᠥᠪ ᠲᠤ᠂ ᠵᠧᠦ ᠺᠠᠢ ᠲᠥᠪ ᠤᠨ ᠴᠢᠳᠠᠮᠵᠢ ᠶᠢᠨ ᠣᠷᠣᠨ ᠪᠦᠰᠡ ᠶᠢᠨ ᠬᠤᠪᠢᠶᠠᠷᠢᠯᠠᠯ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠲᠤᠭ᠎ᠠ ᠬᠡᠮᠵᠢᠶ᠎ᠡ ᠪᠣᠯᠤᠨ ᠦᠷ᠎ᠡ ᠪᠦᠲᠦᠮᠵᠢ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠵᠠᠭᠠᠯᠳᠤᠬᠤ ᠪᠠ ᠡᠶᠡᠳᠡᠭᠦᠯᠬᠦ ᠶᠢ ᠵᠣᠯᠭᠠᠭᠤᠯᠬᠤ ᠲᠣᠭᠲᠠᠴᠠ ᠶᠢ ᠭᠦᠨᠵᠡᠭᠡᠶᠢᠷᠡᠭᠦᠯᠵᠦ᠂ ᠲᠤᠰᠬᠠᠢ ᠮᠡᠷᠭᠡᠵᠢᠯ ᠤᠨ ᠡᠶᠡᠳᠡᠭᠦᠯᠬᠦ ᠬᠦᠴᠦᠨ ᠢ ᠬᠡᠷᠡᠭᠲᠡᠢ᠃ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠶᠡᠷᠦᠩᠬᠡᠶᠢᠯᠡᠨ ᠵᠠᠰᠠᠬᠤ ᠲᠥᠪ ᠤᠨ ᠵᠢᠷᠤᠮᠵᠢᠭᠰᠠᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠠᠬᠢᠭᠤᠯᠬᠤ ᠬᠡᠷᠡᠭᠲᠡᠢ᠃ ᠲᠥᠪ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠠᠵᠢᠯ ᠤᠨ ᠰᠤᠷᠲᠠᠯ ᠢᠶᠠᠨ ᠦᠷᠭᠦᠯᠵᠢᠯᠡᠨ ᠬᠤᠪᠢᠷᠠᠭᠤᠯᠵᠤ᠂ ᠣᠯᠠᠨ ᠲᠦᠮᠡᠨ ᠳᠤ ᠦᠢᠯᠡᠴᠢᠯᠡᠬᠦ ᠴᠢᠳᠠᠪᠤᠷᠢ ᠪᠠ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃《ᠬᠤᠶᠠᠷ ᠲᠥᠯᠥᠭᠡᠯᠡᠭᠴᠢ ᠨᠢᠭᠡ ᠭᠡᠰᠢᠭᠦᠨ》 ᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠢᠭᠰᠠᠭᠠᠯ ᠤᠨ ᠭᠠᠵᠠᠷ ᠢ ᠰᠠᠶᠢᠲᠤᠷ ᠪᠥᠲᠥᠭᠡᠨ ᠪᠠᠶᠢᠭᠤᠯᠵᠤ᠂ ᠵᠥᠷᠢᠴᠡᠯ ᠵᠢᠭᠤᠷᠠᠯᠳᠤᠭᠠᠨ ᠢ ᠰᠠᠶᠢᠲᠤᠷ ᠰᠢᠢᠳᠪᠦᠷᠢᠯᠡᠵᠦ᠂ ᠠᠮᠤᠷ ᠠᠮᠤᠭᠤᠯᠠᠩ ᠤᠯᠠᠭᠠᠨᠴᠠᠪ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠬᠡᠯᠡᠪᠡ᠃
ᠵᠢᠨᠢᠩ ᠲᠣᠭᠤᠷᠢᠭ ᠤᠨ ᠵᠠᠬᠢᠳᠠᠯ ᠲᠣᠪᠴᠢᠶ᠎ᠠ ᠳᠤ᠂ ᠵᠧᠦ ᠺᠠᠢ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠬᠠᠯᠠᠭᠤᠨ ᠢᠶᠠᠷ ᠬᠦᠯᠢᠶᠡᠨ ᠠᠪᠴᠤ᠂ ᠲᠤᠰᠬᠠᠭᠰᠠᠨ ᠠᠰᠠᠭᠤᠳᠠᠯ ᠢ ᠨᠠᠷᠢᠨ ᠬᠢᠨᠠᠮᠠᠭᠠᠢ ᠰᠣᠨᠣᠰᠴᠤ᠂ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠲᠦᠷᠭᠡᠨ ᠰᠢᠢᠳᠪᠦᠷᠢᠯᠡᠵᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃ ᠲᠡᠷᠡ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠵᠠᠬᠢᠳᠠᠯ ᠵᠦᠢᠯᠡᠰ ᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠵᠦ᠂《ᠤᠴᠢᠷ ᠶᠠᠪᠤᠳᠠᠯ ᠢ ᠰᠢᠢᠳᠪᠦᠷᠢᠯᠡᠵᠦ᠂ ᠰᠡᠳᠬᠢᠯ ᠤᠨ ᠵᠣᠪᠠᠯᠠᠩ ᠢ ᠠᠷᠢᠯᠭᠠᠬᠤ》 ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠡᠢ᠃ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠲᠣᠭᠲᠠᠭᠠᠯ ᠶᠣᠰᠣᠭᠠᠷ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ ᠬᠡᠷᠡᠭᠲᠡᠶ᠃ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠶᠢ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠵᠠᠰᠠᠯᠲᠠ ᠶᠢᠨ ᠣᠳᠣᠬᠢᠴᠢᠯᠠᠯᠲᠠ ᠶᠢ ᠠᠬᠢᠭᠤᠯᠵᠤ᠂ ᠵᠥᠷᠢᠴᠡᠯ ᠵᠢᠭᠤᠷᠠᠯᠳᠤᠭᠠᠨ ᠢ ᠦᠨᠳᠦᠰᠦᠨ ᠱᠠᠲᠤᠨ ᠳᠤ ᠰᠢᠢᠳᠪᠦᠷᠢᠯᠡᠵᠦ᠂ ᠴᠤᠬᠤᠶᠢᠵᠤ ᠪᠠᠶᠢᠬᠤ ᠳᠤᠨᠢ ᠠᠷᠢᠯᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠬᠡᠯᠡᠪᠡ᠃
ᠵᠠᠩ ᠶᠦᠩ ᠸᠧᠨ᠂ ᠰᠦᠢ ᠵᠢᠶᠠᠨ ᠬᠤᠸᠠ ᠣᠷᠣᠯᠴᠠᠵᠠᠢ᠃