ᠵᠤᠬᠢᠶᠠᠭᠴᠢ:
ᠴᠠᠭ:2025-05-12
ᠥᠵᠡᠭᠰᠡᠨ : ℃
ᠢᠷᠡᠯᠲᠡ:
ᠬᠤᠲᠠ ᠶᠢᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠪᠠ
2025 5 ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠢᠦ ᠬᠠᠶ ᠴᠢᠤᠸᠠᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃
ᠬᠤᠷᠠᠯ ᠠᠴᠠ ᠶᠡᠷᠦᠩᠬᠡᠶ ᠱᠦᠵᠢ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡ᠊ᠨᠳᠡᠯ ᠠᠴᠠ ᠭᠦᠨᠵᠡᠭᠡᠢ ᠰᠤᠷᠭᠠᠮᠵᠢ ᠠᠪᠴᠤ᠂ ᠮᠢᠨᠴᠦᠭᠦᠷᠡᠬᠦ ᠦᠵᠡᠯ ᠰᠠᠨᠠᠭ᠎ᠠ ᠪᠠ ᠵᠠᠪᠰᠢᠬᠤ ᠰᠡᠳᠬᠢᠴᠡ ᠶᠢ ᠡᠷᠡᠰ ᠲᠡᠪᠴᠢᠵᠦ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠲᠠᠯᠠᠪᠤᠷ ᠪᠠ ᠪᠠᠭᠤᠷᠠᠢ ᠭᠤᠭᠴᠤᠭ᠎ᠠ ᠶᠢ ᠴᠢᠩᠭ᠎ᠠ ᠠᠩᠬᠠᠷᠴᠤ᠂ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠡᠯ᠎ᠡ ᠲᠦᠷᠦᠯ ᠤᠨ ᠡ᠊ᠨᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠪᠤᠳᠤᠬᠤ ᠬᠦᠴᠦᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠵᠣᠬᠢᠶᠠᠮᠠᠯ ᠣᠶᠤᠨᠴᠢ ᠠᠵᠤ ᠦᠢᠯᠡᠰ ᠢ ᠢᠳᠡᠪᠬᠢᠲᠡᠶ ᠪᠠᠶᠢᠷᠢᠰᠢᠭᠤᠯᠵᠤ᠂ ᠰᠢᠨ᠎ᠡ ᠬᠡᠷᠡᠭᠯᠡᠭᠡᠨ ᠤ ᠪᠠᠶᠢᠳᠠᠯ ᠢ ᠬᠦᠴᠦᠯᠡᠨ ᠪᠤᠢ ᠪᠣᠯᠭᠠᠬᠤ ᠬᠡᠷᠡᠭᠲᠡᠶ᠃ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ᠂ ᠬᠥᠳᠡᠯᠮᠦᠷᠢ ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠥᠷᠭᠡᠨ ᠤᠯᠠᠨ ᠠᠵᠢᠯᠳᠠᠨ ᠠᠵᠢᠯᠴᠢᠨ ᠪᠣᠯᠤᠨ ᠬᠥᠳᠡᠯᠮᠦᠷᠢᠴᠢᠨ ᠲᠦᠮᠡᠨ ᠤ ᠤᠯᠠᠭᠠᠨᠴᠠᠪ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠬᠤ ᠬᠡᠷᠡᠭᠲᠡᠢ᠃ ᠮᠠᠨ ᠤ ᠬᠤᠲᠠ ᠶᠢᠨ《ᠠᠷᠪᠠᠨ ᠲᠠᠪᠤᠳᠤᠭᠠᠷ ᠲᠠᠪᠤᠨ ᠵᠢᠯ ᠤᠨ ᠲᠥᠯᠥᠪᠵᠢᠭᠦᠯᠭᠡ》 ᠶᠢᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠲᠥᠯᠥᠪᠵᠢᠭᠦᠯᠭᠡ ᠶᠢᠨ ᠵᠣᠯᠭᠠᠯᠴᠠᠭ᠎ᠠ ᠶᠢ ᠴᠢᠩᠭᠠᠳᠬᠠᠨ᠂ ᠲᠣᠰ ᠪᠡᠶ᠎ᠡ ᠶᠢᠨ ᠣᠨᠴᠠᠯᠢᠭ ᠢᠶᠠᠨ ᠢᠯᠡᠷᠡᠭᠦᠯᠵᠦ᠂ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠬᠡᠷᠡᠭᠲᠡᠶ᠃ ᠥᠷᠭᠡᠨ ᠤᠯᠠᠨ ᠵᠠᠯᠠᠭᠤᠴᠤᠳ ᠢ ᠬᠦᠳᠦᠯᠦᠨ ᠵᠢᠯᠣᠭᠤᠳᠴᠤ ᠪᠠᠶᠢᠭᠠᠳ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠵᠤᠵᠠᠭᠠᠳᠬᠠᠵᠤ᠂ ᠡᠷᠳᠡᠮ ᠴᠢᠳᠠᠪᠤᠷᠢ ᠶᠢ ᠨᠢ ᠪᠣᠯᠪᠠᠰᠤᠷᠠᠭᠤᠯᠵᠤ᠂ ᠢᠮᠠᠭᠲᠠ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠬᠤ ᠶᠢ ᠬᠦᠳᠦᠯᠦᠨ ᠵᠢᠯᠣᠭᠤᠳᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ 4 ᠰᠠᠷ᠎ᠠ ᠶᠢᠨ 25 ᠤ ᠡᠳᠦᠷ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ ᠮᠠᠭᠠᠳᠯᠠᠯᠲᠠ ᠪᠠ ᠠᠵᠤ ᠠᠬᠤᠢ ᠶᠢᠨ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠪᠦᠬᠦ ᠣᠷᠣᠨ ᠤ ᠠᠵᠤ ᠠᠬᠤᠢ ᠶᠢᠨ ᠠᠵᠢᠯ ᠤᠨ ᠵᠠᠳᠠᠯᠤᠯᠲᠠ ᠶᠢᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠤᠭ᠎ᠠ ᠰᠠᠨᠠᠭ᠎ᠠ ᠡᠷᠡᠯᠬᠡᠭ ᠵᠣᠷᠢᠭ ᠢ ᠪᠤᠢ ᠪᠣᠯᠭᠠᠵᠤ᠂ ᠬᠠᠷᠠᠯᠲᠠ ᠡᠭᠦᠷᠭᠡ ᠪᠠᠨ ᠪᠠᠲᠤ ᠡᠵᠡᠮᠳᠡᠵᠦ᠂ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠱᠠᠳᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠴᠠᠭ ᠮᠥᠴᠡ ᠶᠢ ᠠᠮᠵᠢᠵᠤ᠂ ᠬᠦᠴᠦᠯᠡᠨ ᠲᠡᠮᠡᠴᠡᠵᠦ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ᠲᠡᠷᠢᠭᠦᠨ ᠳᠤ ᠣᠷᠣᠬᠤ ᠪᠠᠷ ᠴᠢᠷᠮᠠᠶᠢᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃