ᠵᠤᠬᠢᠶᠠᠭᠴᠢ:
ᠴᠠᠭ:2025-05-13
ᠥᠵᠡᠭᠰᠡᠨ : ℃
ᠢᠷᠡᠯᠲᠡ:
ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
2025 5 ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠵᠧᠤ ᠺᠠᠶ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃
ᠬᠤᠷᠠᠯ ᠠᠴᠠ 4 ᠰᠠᠷ᠎ᠠ ᠶᠢᠨ 25 ᠤ ᠡᠳᠦᠷ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠠᠵᠤ ᠠᠬᠤᠢ ᠶᠢᠨ ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ ᠮᠠᠭᠠᠳᠯᠠᠯᠲᠠ ᠪᠣᠯᠤᠨ ᠠᠵᠤ ᠠᠬᠤᠢ ᠶᠢᠨ ᠠᠵᠢᠯ ᠤᠨ ᠲᠤᠬᠠᠢ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠪᠦᠬᠦ ᠣᠷᠣᠨ ᠤ ᠠᠵᠤ ᠠᠬᠤᠢ ᠶᠢᠨ ᠠᠵᠢᠯ ᠤᠨ ᠵᠠᠳᠠᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠂ ᠢᠲᠡᠭᠡᠯ ᠵᠣᠷᠢᠭ ᠢᠶᠠᠨ ᠪᠠᠲᠤᠳᠬᠠᠵᠤ᠂ ᠬᠥᠭᠵᠢᠯᠲᠡ ᠶᠢ ᠠᠳᠬᠤᠬᠤ᠂ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ ᠲᠤᠯᠭᠠᠮ ᠰᠡᠳᠬᠢᠯᠭᠡ ᠪᠠᠨ ᠴᠢᠨᠠᠭᠰᠢᠳᠠ ᠴᠢᠩᠭᠠᠳᠬᠠᠬᠤ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠭᠦᠨᠵᠡᠭᠡᠢ ᠪᠥᠭᠡᠳ ᠨᠡᠪᠲᠡᠷᠡᠲᠡᠯ᠎ᠡ ᠣᠶᠢᠯᠠᠭᠠᠵᠤ᠂ ᠲᠦᠷᠦ ᠶᠢᠨ ᠪᠤᠳᠤᠯᠭ᠎ᠠ ᠶᠢ ᠭᠦᠢᠴᠡᠳ ᠬᠡᠷᠡᠭᠯᠡᠵᠦ᠂ ᠲᠦᠷᠦᠯ ᠵᠦᠢᠯ ᠢ ᠲᠥᠯᠥᠪᠵᠢᠭᠦᠯᠵᠦ ᠨᠥᠭᠡᠴᠡᠯᠡᠬᠦ ᠶᠢ ᠴᠢᠩᠭᠠᠳᠬᠠᠵᠤ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠠᠰᠤ ᠴᠢᠨᠠᠷ ᠦᠷ᠎ᠡ ᠠᠰᠢᠭ ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠴᠢᠩᠭ᠎ᠠ ᠠᠳᠬᠤᠨ ᠲᠦᠷᠭᠡᠨ ᠠᠵᠢᠯᠯᠠᠵᠤ ᠠᠵᠤ ᠠᠬᠤᠢ ᠶᠢᠨ ᠲᠣᠭᠲᠠᠭᠤᠨ ᠰᠠᠶᠢᠵᠢᠷᠠᠯᠲᠠ ᠶᠢ ᠠᠬᠢᠭᠤᠯᠬᠤ ᠬᠡᠷᠡᠭᠲᠡᠢ᠃ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠨ᠂ ᠳᠤᠲᠠᠭᠤᠳᠠᠯ ᠢᠶᠠᠨ ᠨᠥᠬᠦᠪᠥᠷᠢᠯᠡᠵᠦ᠂ ᠰᠢᠨ᠎ᠡ ᠡᠨᠧᠷᠭᠢ᠂ ᠲᠡᠮᠦᠷ ᠤᠨ ᠬᠠᠶᠢᠯᠤᠰᠢ᠂ ᠪᠤᠳᠤᠬᠤ ᠬᠦᠴᠦᠨ ᠵᠡᠷᠭᠡ ᠳᠠᠪᠠᠭᠤᠯᠢᠭ ᠠᠵᠤ ᠦᠢᠯᠡᠰ ᠢ ᠬᠦᠴᠦᠯᠡᠨ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ᠂ ᠠᠭᠠᠷ ᠤᠨ ᠠᠵᠤ ᠠᠬᠤᠶ ᠵᠡᠷᠭᠡ ᠬᠦᠷᠢᠶᠡᠨ ᠳᠤ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠢ ᠴᠢᠷᠮᠠᠶᠢᠨ ᠪᠤᠶᠢᠵᠢᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠡᠳ᠋ ᠤᠨ ᠵᠠᠰᠠᠭ ᠤᠨ ᠣᠷᠣᠯᠭ᠎ᠠ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠶ᠃ ᠡᠯ᠎ᠡ ᠱᠠᠲᠤᠨ ᠤ ᠬᠢᠨ ᠬᠦᠴᠦᠯᠡᠨ ᠴᠢᠷᠮᠠᠶᠢᠵᠤ ᠦᠢᠯᠡᠰ ᠪᠦᠲᠦᠭᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ ᠶᠢ ᠴᠢᠩᠭᠠᠳᠬᠠᠵᠤ᠂ ᠳᠡᠭᠡᠷ᠎ᠡ ᠬᠠᠭᠠᠰ ᠵᠢᠯ ᠤᠨ《ᠬᠤᠣᠰ ᠬᠠᠭᠠᠰ ᠢ ᠳᠠᠪᠠᠭ᠋ᠤ》 ᠶᠢ ᠪᠡᠶᠡᠯᠡᠭᠦᠯᠬᠦ ᠶᠢ ᠪᠠᠲᠤᠯᠠᠵᠤ᠂ ᠪᠦᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ᠂ ᠶᠡᠷᠦᠩᠬᠡᠢ ᠱᠦᠵᠢ ᠤᠨ ᠯᠢᠶᠣᠤᠨᠢᠩ ᠤᠨ ᠯᠢᠶᠤᠤᠶᠠᠩ ᠬᠤᠳᠠ ᠶᠢᠨ ᠴᠠᠭᠠᠨ ᠰᠤᠪᠤᠷᠭ᠎ᠠ ᠲᠣᠭᠤᠷᠢᠭ ᠤᠨ ᠨᠢᠭᠡᠳᠦᠭᠡᠷ ᠵᠣᠴᠢᠳ ᠤᠨ ᠪᠠᠭᠤᠳᠠᠯ ᠤᠨ ᠭᠠᠯ ᠤᠨ ᠂ ᠭᠦᠢᠵᠧᠦ ᠶᠢᠨ ᠪᠢ ᠵᠢᠶᠧ ᠬᠤᠳᠠ ᠶᠢᠨ ᠴᠢᠶᠠᠨ ᠰᠢ ᠬᠤᠳᠠ ᠶᠢᠨ ᠵᠤᠭᠠᠴᠠᠯ ᠤᠨ ᠣᠩᠭᠤᠴᠠ ᠠᠳᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠂ ᠦᠢᠯᠡᠳᠪᠦᠷᠢᠯᠡᠯ ᠤᠨ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠨ ᠴᠡᠭᠴᠡᠯᠡᠵᠦ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠬᠤᠳᠠ ᠶᠢᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠣᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠬᠤ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠣᠯᠤᠨ ᠪᠦᠬᠦ ᠬᠤᠳᠠ ᠶᠢᠨ ᠨᠠᠮ ᠤᠨ ᠰᠤᠷᠭᠠᠭᠤᠯᠢ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠴᠠᠢ᠃