ᠵᠤᠬᠢᠶᠠᠭᠴᠢ:
ᠴᠠᠭ:2025-06-04
ᠥᠵᠡᠭᠰᠡᠨ : ℃
ᠢᠷᠡᠯᠲᠡ: ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
ᠬᠤᠲᠠ ᠶᠢᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ
2025 5 ᠰᠠᠷ᠎ᠠ ᠶᠢᠨ 28 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠢᠦ ᠬᠠᠶ ᠴᠢᠤᠸᠠᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃
ᠬᠤᠷᠠᠯ ᠠᠴᠠ ᠶᠡᠷᠦᠩᠬᠡᠢ ᠱᠦᠵᠢ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠂ ᠰᠣᠶᠣᠯ ᠢᠶᠠᠷ ᠬᠥᠮᠦᠨ ᠬᠥᠮᠦᠵᠢᠭᠦᠯᠬᠦ ᠶᠢ ᠪᠠᠷᠢᠮᠲᠠᠯᠠᠵᠤ᠂《ᠪᠦᠬᠦ ᠤᠯᠤᠰ ᠤᠨ ᠪᠣᠯᠪᠠᠰᠤᠨ ᠬᠤᠳᠠ》 ᠶᠢᠨ ᠴᠣᠯᠠ ᠶᠢ ᠬᠦᠷᠲᠡᠭᠰᠡᠨ ᠢᠶᠠᠷ ᠰᠢᠨ᠎ᠡ ᠭᠠᠷᠤᠭ᠎ᠠ ᠪᠣᠯᠭᠠᠵᠤ᠂ ᠬᠤᠳᠠ ᠬᠥᠳᠡᠭᠡ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠭᠤᠰᠤᠯᠴᠠᠨ ᠬᠥᠭᠵᠢᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠯᠠᠭᠠᠨᠴᠠᠪ ᠤᠨ ᠰᠢᠨ᠎ᠡ ᠬᠠᠭᠤᠳᠠᠰᠤ ᠶᠢ ᠪᠢᠴᠢᠭᠯᠡᠬᠦ ᠳᠤ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠴᠢᠳᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠶᠡᠷᠦᠩᠬᠡᠢ ᠱᠦᠵᠢ ᠤᠨ ᠳᠤᠮᠳᠠᠳᠤ ᠤᠯᠤᠰ ᠤᠨ ᠪᠠᠭᠠᠴᠤᠳ ᠤᠨ ᠬᠤᠰᠢᠭᠤᠴᠢ ᠠᠩᠬᠢ ᠶᠢᠨ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠥᠭᠭᠦᠭᠰᠡᠨ ᠴᠢᠬᠤᠯᠠ ᠪᠠᠶᠠᠷ ᠤᠨ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠤᠨ ᠪᠠᠭᠠᠴᠤᠳ ᠬᠡᠦᠬᠡᠳ ᠪᠣᠯᠤᠨ ᠪᠠᠭᠠᠴᠤᠳ ᠤᠨ ᠬᠤᠰᠢᠭᠤᠴᠢ ᠠᠩᠬᠢ ᠶᠢᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠂ ᠡᠪ ᠬᠠᠮᠲᠤ ᠶᠣᠰᠣᠨ ᠤ ᠵᠠᠯᠭᠠᠮᠵᠢᠯᠠᠭᠴᠢ ᠶᠢ ᠪᠤᠶᠢᠵᠢᠭᠤᠯᠬᠤ ᠦᠨᠳᠦᠰᠦᠨ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠪᠠᠶᠢᠭᠤᠯᠤᠯᠲᠠ ᠪᠠᠷ ᠡᠪᠯᠡᠯ ᠤᠨ ᠪᠠᠶᠢᠭᠤᠯᠤᠯᠲᠠ᠂ ᠪᠠᠭᠠᠴᠤᠳ ᠤᠨ ᠬᠣᠰᠢᠭᠤᠴᠢ ᠠᠩᠬᠢ ᠪᠠᠶᠢᠭᠤᠯᠬᠤ ᠶᠢ ᠪᠠᠷᠢᠮᠲᠠᠯᠠᠵᠤ᠂ ᠬᠡᠦᠬᠡᠳ ᠤᠨ ᠦᠰᠦᠨ ᠪᠤᠶᠢᠵᠢᠬᠤ ᠳᠤ ᠰᠠᠶᠢᠨ ᠰᠠᠶᠢᠬᠠᠨ ᠣᠷᠴᠢᠨ ᠨᠥᠬᠥᠴᠡᠯ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠤᠯᠤᠰ ᠤᠨ ᠳᠣᠲᠣᠭᠠᠳᠤ ᠶᠢᠨ ᠶᠡᠭᠡ ᠡᠷᠭᠢᠯᠲᠡ ᠶᠢᠨ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠬᠡᠷᠡᠭᠯᠡᠭᠡᠨ ᠤ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠵᠤ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠶᠢ ᠴᠢᠩᠭᠠᠳᠬᠠᠵᠤ᠂ ᠦᠢᠯᠡᠳᠪᠦᠷᠢᠯᠡᠯ ᠤᠨ ᠬᠤᠷᠢᠭ᠎ᠠ ᠱᠤᠭᠤᠮ ᠤᠯᠠᠭᠠᠨ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠪᠡᠯᠡᠳᠬᠡᠯ ᠠᠵᠢᠯ ᠤᠨ ᠬᠠᠮᠢᠶ᠎ᠠ ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢᠯᠭᠠᠯᠲᠠ ᠳᠤ ᠪᠡᠯᠡᠳᠬᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠰᠢᠯᠭᠠᠯᠲᠠ ᠶᠢᠨ ᠶᠠᠪᠤᠳᠠᠯ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠲᠦᠢᠯ ᠤᠨ ᠨᠠᠷᠢᠨ ᠬᠢᠨᠠᠮᠠᠭᠠᠶ ᠬᠠᠷᠢᠭᠤᠴᠠᠨ ᠰᠠᠶᠢᠲᠤᠷ ᠬᠢᠵᠦ᠂ ᠠᠮᠤᠷ ᠲᠦᠪᠰᠢᠨ᠂ ᠰᠠᠨᠠᠭ᠎ᠠ ᠠᠮᠤᠷ᠂ ᠲᠠᠭᠠᠯᠠᠮᠵᠢᠲᠠᠶ ᠰᠢᠯᠭᠠᠯᠲᠠ ᠶᠢᠨ ᠣᠷᠴᠢᠨ ᠨᠥᠬᠦᠴᠡᠯ ᠢ ᠬᠦᠴᠦᠯᠡᠨ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃
ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃