ᠵᠤᠬᠢᠶᠠᠭᠴᠢ:
ᠴᠠᠭ:2025-06-11
ᠥᠵᠡᠭᠰᠡᠨ : ℃
ᠢᠷᠡᠯᠲᠡ:
ᠯᠢᠦ ᠬᠠᠢ ᠴᠢᠤᠸᠠᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠤᠯᠠᠨ ᠲᠦᠮᠡᠨ ᠤ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠬᠦ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ
2025 6 ᠰᠠᠷ᠎ᠠ ᠶᠢᠨ 8 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠯᠢᠦ ᠬᠠᠢ ᠴᠢᠤᠸᠠᠨ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠤᠯᠠᠨ ᠲᠦᠮᠡᠨ ᠤ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃
ᠯᠢᠦ ᠬᠠᠢ ᠴᠢᠤᠸᠠᠨ᠂《ᠬᠤᠶᠠᠷ ᠢ ᠲᠣᠭᠲᠠᠭᠠᠭᠰᠠᠨ》 ᠢ ᠡᠷᠡᠰ ᠬᠦᠷᠢᠶᠡᠯᠡᠵᠦ᠂《ᠬᠤᠶᠠᠷ ᠢ ᠬᠠᠮᠠᠭᠠᠯᠠᠬᠤ》 ᠶᠢ ᠡᠷᠡᠰ ᠪᠡᠶᠡᠯᠡᠭᠦᠯᠬᠦ ᠤᠯᠤᠰ ᠲᠦᠷᠦ ᠶᠢᠨ ᠦᠨᠳᠦᠷᠴᠡ ᠠᠴᠠ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠤᠯᠠᠨ ᠲᠦᠮᠡᠨ ᠤ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠬᠦ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠬᠦ ᠶᠢᠨ ᠤᠯᠤᠰ ᠲᠦᠷᠦᠴᠢ ᠴᠢᠨᠠᠷ᠂ ᠲᠥᠪ ᠴᠢᠩᠭ᠎ᠠ ᠴᠢᠨᠠᠷ ᠪᠣᠯᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠦᠵᠡᠯ ᠰᠠᠨᠠᠭᠠᠨ ᠤ ᠲᠠᠯ᠎ᠠ ᠪᠠᠷ ᠴᠢᠩᠭᠠᠳᠬᠠᠵᠤ᠂ ᠬᠠᠷᠢᠭᠤᠴᠠᠯᠭ᠎ᠠ ᠶᠢᠨ ᠲᠠᠯ᠎ᠠ ᠪᠠᠷ ᠡᠭᠦᠷᠭᠡᠯᠡᠵᠦ᠂ ᠰᠠᠬᠢᠯᠭ᠎ᠠ ᠪᠠᠲᠤ ᠶᠢᠨ ᠲᠠᠯ᠎ᠠ ᠪᠠᠷ ᠴᠢᠩᠳᠠᠯᠠᠵᠤ᠂ ᠤᠯᠠᠨ ᠲᠦᠮᠡᠨ ᠤ ᠳᠡᠷᠭᠡᠳᠡᠬᠢ ᠠᠮᠢ ᠠᠬᠤᠢ ᠣᠷᠴᠢᠨ ᠲᠣᠭᠤᠷᠢᠨ ᠤ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃《ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠤᠨ ᠳᠦᠷᠢᠮ》 ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠥᠭᠴᠦ ᠰᠢᠢᠳᠪᠦᠷᠢᠯᠡᠭᠦᠯᠦᠭᠰᠡᠨ ᠣᠯᠠᠨ ᠲᠦᠮᠡᠨ ᠤ ᠵᠠᠬᠢᠳᠠᠯ ᠮᠠᠲ᠋ᠧᠷᠢᠶᠠᠯ ᠢ ᠲᠡᠷᠡ ᠳᠠᠷᠤᠶ ᠳᠤᠨᠢ ᠬᠦᠯᠢᠶᠡᠨ ᠠᠪᠴᠤ ᠰᠢᠯᠵᠢᠭᠦᠯᠦᠨ ᠰᠢᠢᠳᠪᠦᠷᠢᠯᠡᠭᠦᠯᠵᠦ᠂ ᠲᠡᠷᠡ ᠳᠠᠷᠤᠶ ᠳᠤᠨᠢ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠵᠤ᠂ ᠲᠡᠷᠡ ᠳᠠᠷᠤᠶ ᠳᠤᠨᠢ ᠬᠠᠷᠢᠭᠤ ᠲᠤᠰᠬᠠᠵᠤ᠂ ᠮᠡᠳᠡᠭᠡ ᠵᠠᠩᠭᠢ ᠶᠢ ᠢᠯᠡ ᠪᠣᠯᠭᠠᠵᠤ᠂ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠬᠦ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠪᠠᠷ ᠠᠵᠠ ᠲᠣᠬᠢᠶᠠᠯ ᠪᠣᠯᠭᠠᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ᠂ ᠲᠦᠷᠢᠮ ᠲᠣᠭᠲᠠᠭᠠᠯ ᠲᠣᠭᠲᠠᠭᠠᠬᠤ ᠶᠢ ᠪᠠᠷᠢᠮᠲᠠᠯᠠᠵᠤ᠂ ᠰᠡᠷᠭᠡᠶᠢᠯᠡᠬᠦ ᠠᠷᠭ᠎ᠠ ᠬᠡᠮᠵᠢᠶ᠎ᠡ ᠶᠢ ᠡᠬᠢ ᠡᠭᠦᠰᠦᠯ ᠠᠴᠠ ᠨᠢ ᠲᠡᠭᠦᠯᠳᠡᠷᠵᠢᠭᠦᠯᠵᠦ᠂ ᠠᠯᠳᠠᠰᠢ ᠭᠠᠷᠬᠤ ᠶᠢ ᠬᠤᠷᠢᠭᠯᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠵᠡᠰᠬᠦᠯᠡᠩᠲᠦ ᠰᠠᠶᠢᠬᠠᠨ ᠤᠯᠠᠭᠠᠨᠴᠠᠪ ᠤᠨ ᠪᠦᠲᠦᠭᠡᠨ ᠪᠠᠶᠢᠭᠤᠯᠤᠯᠲᠠ ᠶᠢᠨ ᠨᠡᠩ ᠶᠡᠭᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃
ᠢᠦᠢ ᠬᠠᠢ ᠴᠧᠩ᠂ ᠸᠠᠩ ᠵᠧᠨ ᠬᠠᠢ ᠣᠷᠣᠯᠴᠠᠵᠠᠢ᠃