ᠵᠤᠬᠢᠶᠠᠭᠴᠢ:
ᠴᠠᠭ:2021-05-03
ᠥᠵᠡᠭᠰᠡᠨ : ℃
ᠢᠷᠡᠯᠲᠡ: ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠤᠨ
ᠰᠢᠯᠢ ᠶᠢᠨ ᠭᠤᠤᠯ ᠠᠶᠢᠮᠠᠭ ᠤᠨ ᠨᠢᠭᠡᠳᠦᠭᠡᠷ ᠤᠯᠠᠷᠢᠯ ᠤᠨ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠰᠡᠷᠭᠦᠯᠲᠡ ᠶᠢᠨ ᠠᠯᠬᠤᠴᠠ ᠨᠠᠩ ᠲᠣᠭᠲᠠᠭᠤᠨ ᠨᠠᠩ ᠲᠦᠷᠭᠡᠨ ᠪᠣᠯᠵᠤ ᠠᠵᠤ ᠠᠬᠤᠶ ᠶᠢᠨ ᠬᠡᠪᠴᠢᠶ᠎ᠡ ᠦᠷᠭᠦᠯᠵᠢᠯᠡᠨ ᠥᠷᠭᠡᠳᠪᠡ
ᠨᠢᠭᠡᠳᠦᠭᠡᠷ ᠤᠯᠠᠷᠢᠯ ᠳᠤ᠂ ᠪᠥᠬᠦ ᠠᠶᠢᠮᠠᠭ ᠤᠨ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠨᠡᠮᠡᠭᠳᠡᠯ ᠥᠷᠲᠡᠭ 86.99 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢᠳᠬᠠᠵᠤ ᠪᠣᠯᠬᠤ ᠦᠨ᠎ᠡ ᠪᠠᠷ ᠪᠤᠳᠤᠪᠠᠯ᠂ ᠠᠳᠠᠯᠢ ᠬᠤᠭᠤᠴᠠᠭᠠᠨ ᠤ ᠬᠢ ᠠᠴᠠ 28.3% ᠪᠠᠷ ᠨᠡᠮᠡᠭᠳᠡᠵᠦ᠂ ᠨᠡᠮᠡᠭᠳᠡᠴᠡ ᠨᠢ ᠪᠥᠬᠦ ᠠᠶᠢᠮᠠᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠡᠮᠡᠭᠳᠡᠯ ᠤᠨ ᠬᠤᠷᠳᠤᠴᠠ ︵15.8%︶ ᠠᠴᠠ 12.5 ᠵᠠᠭᠤᠨ ᠤ ᠴᠡᠭ ᠥᠨᠳᠥᠷ ᠪᠣᠯᠪᠠ︔ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠲᠤ ᠡᠵᠡᠯᠡᠬᠦ ᠬᠤᠪᠢ ᠶᠢᠨ ᠵᠢᠩ ᠨᠢ 46.3% ᠳᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 4.9 ᠵᠠᠭᠤᠨ ᠤ ᠴᠡᠭ ᠳᠡᠭᠡᠭᠰᠢᠯᠡᠵᠦ᠂ ᠪᠥᠬᠦ ᠠᠶᠢᠮᠠᠭ ᠤᠨ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 74.2% ᠲᠤ ᠬᠦᠷᠴᠦ᠂ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠤᠨ ᠨᠡᠮᠡᠭᠳᠡᠯ ᠢ 11.7 ᠵᠠᠭᠤᠨ ᠤ ᠴᠡᠭ ᠳᠠᠶᠢᠴᠢᠯᠠᠪᠠ᠃ ᠠᠵᠤ ᠦᠢᠯᠡᠰ ᠤᠨ ᠲᠠᠯ᠎ᠠ ᠠᠴᠠ ᠦᠵᠡᠪᠡᠯ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 2.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 11.7% ᠪᠠᠷ ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 43.37 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 37.8% ᠪᠠᠷ ᠨᠡᠮᠡᠭᠳᠡᠪᠡ︔ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 41.06 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.3% ᠪᠠᠷ ᠨᠡᠮᠡᠭᠳᠡᠪᠡ᠃ ᠬᠤᠪᠢ ᠨᠡᠮᠡᠷᠢ ᠠᠴᠠ ᠦᠵᠡᠪᠡᠯ᠂ ᠭᠤᠷᠪᠠᠨ ᠠᠵᠤ ᠦᠢᠯᠡᠰ ᠤᠨ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ ᠲᠣᠰ ᠲᠣᠰ 1.4%᠂ 59.3% ᠪᠠ 39.3% ᠪᠣᠯᠤᠨ᠎ᠠ᠃ ᠡᠭᠦᠨ ᠳᠤ᠂ ᠠᠷᠠᠳ ᠠᠴᠠ ᠡᠵᠡᠩᠨᠡᠭᠰᠡᠨ ᠠᠵᠤ ᠦᠢᠯᠡᠳᠪᠦᠷᠢ ᠨᠡᠯᠢᠶᠡᠳ ᠲᠤᠪᠤᠶᠢᠮ᠎ᠠ ᠪᠠᠶᠢᠵᠤ᠂ ᠠᠷᠠᠳ ᠠᠴᠠ ᠡᠵᠡᠩᠨᠡᠭᠰᠡᠨ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 37.6% ᠪᠠᠷ ᠨᠡᠮᠡᠭᠳᠡᠵᠦ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠨᠢ 50.8% ᠬᠦᠷᠴᠦ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠶᠢ 14.4 ᠵᠠᠭᠤᠨ ᠤ ᠴᠡᠭ ᠲᠠᠶᠢᠴᠢᠯᠠᠵᠠᠢ᠃