ᠵᠤᠬᠢᠶᠠᠭᠴᠢ:
ᠴᠠᠭ:2021-09-28
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠡᠷᠢᠶᠡᠨ ᠬᠤᠲᠠ ᠣᠯᠠᠨ ᠵᠦᠶᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠪᠣᠭᠤᠮᠲᠠ ᠪᠠᠷ ᠥᠩᠭᠡᠷᠡᠭᠦᠯᠬᠦ ᠴᠤᠪᠤᠷᠠᠯ ᠢ ᠰᠢᠯᠢᠳᠡᠭᠵᠢᠭᠦᠯᠦᠨ ᠪᠣᠭᠤᠮᠲᠠ ᠪᠠᠷ ᠥᠩᠭᠡᠷᠡᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠪᠡ
ᠨᠢᠭᠡ ᠳᠤ ᠪᠣᠭᠤᠮᠲᠠ ᠪᠠᠷ ᠥᠩᠭᠡᠷᠡᠭᠦᠯᠬᠦ ᠴᠠᠭ ᠢ ᠪᠣᠭᠤᠨᠢᠰᠬᠠᠵᠤ᠂ ᠭᠠᠳᠠᠭᠠᠳᠤ ᠠᠴᠠ ᠣᠷᠣᠭᠤᠯᠬᠤ ᠪᠠᠷᠠᠭ᠎ᠠ ᠶᠢ ᠪᠣᠭᠤᠮᠲᠠ ᠪᠠᠷ ᠥᠩᠭᠡᠷᠡᠭᠦᠯᠬᠦ ᠪᠦᠬᠦ ᠶᠠᠪᠤᠴᠠ ᠳᠤ ᠬᠡᠷᠡᠭᠰᠡᠬᠦ ᠴᠠᠭ ᠨᠢ ᠪᠠᠷᠤᠭ 44 ᠴᠠᠭ ᠪᠠᠶᠢᠵᠤ᠂ 2017 ᠣᠨ ᠤ ᠬᠢ ᠠᠴᠠ 60.1% ᠪᠠᠷ ᠪᠣᠭᠤᠨᠢᠰᠪᠠ︔ ᠭᠠᠳᠠᠭᠠᠳᠤ ᠳᠤ ᠭᠠᠷᠭᠠᠬᠤ ᠪᠠᠷᠠᠭ᠎ᠠ ᠶᠢ ᠪᠣᠭᠤᠮᠲᠠ ᠪᠠᠷ ᠥᠩᠭᠡᠷᠡᠭᠦᠯᠬᠦ ᠪᠥᠬᠦ ᠶᠠᠪᠤᠴᠠ ᠳᠤ ᠬᠡᠷᠡᠭᠰᠡᠬᠦ ᠴᠠᠭ ᠨᠢ ᠪᠠᠷᠤᠭ 2 ᠴᠠᠭ ᠪᠠᠶᠢᠵᠤ᠂ 2017 ᠣᠨ ᠤ ᠬᠢ ᠠᠴᠠ 71% ᠪᠠᠷ ᠃ ᠬᠤᠶᠠᠷ ᠲᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠪᠣᠭᠤᠮᠲᠠ ᠰᠢᠯᠵᠢᠬᠦ ᠶᠢ ᠠᠦ᠋ᠲ᠋ᠣ᠋ ᠪᠠᠷ ᠬᠢᠨᠠᠨ ᠬᠠᠷᠭᠤᠭᠤᠯᠬᠤ᠂ ᠬᠢᠨᠠᠨ ᠭᠠᠷᠭᠠᠬᠤ ᠨᠡᠭᠡᠭᠡᠯᠭᠡ ᠶᠢ ᠨᠡᠭᠡᠭᠡᠵᠦ᠂ ᠪᠣᠭᠤᠮᠲᠠ ᠰᠢᠯᠵᠢᠬᠦ ᠲᠤᠬᠠᠶᠢᠯᠠᠭᠰᠠᠨ ᠠᠵᠢᠯ ᠤᠨ ᠬᠥᠮᠦᠨ ᠤ ᠬᠦᠴᠦ ᠪᠠᠷ ᠠᠵᠢᠯᠯᠠᠭᠤᠯᠬᠤ ᠴᠠᠭ ᠢ 70% ᠠᠴᠠ ᠳᠡᠭᠡᠭᠰᠢ ᠪᠠᠷ ᠪᠣᠭᠤᠨᠢᠰᠬᠠᠵᠠᠢ︔ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢ ᠲᠤᠰᠢᠶᠠᠬᠤ ᠪᠠ ᠬᠦᠯᠢᠶᠡᠨ ᠠᠪᠬᠤ ᠠᠵᠢᠯ ᠤᠨ ᠡᠯᠧᠺᠲᠷᠤᠨᠴᠢᠯᠠᠯᠲᠠ ᠶᠢ ᠪᠡᠶᠡᠯᠡᠭᠦᠯᠵᠦ᠂ ᠲᠤᠰᠢᠶᠠᠬᠤ ᠬᠤᠷᠳᠤᠴᠠ ᠶᠢ 20% ᠣᠷᠴᠢᠮ ᠳᠡᠭᠡᠭᠰᠢᠯᠡᠭᠦᠯᠵᠦ᠂ ᠲᠡᠭᠡᠭᠡᠪᠦᠷᠢᠯᠡᠨ ᠬᠦᠷᠭᠡᠬᠦ ᠮᠡᠳᠡᠭᠦᠯᠦᠯᠲᠡ ᠡᠯᠧᠺᠲᠷᠤᠨᠴᠢᠯᠠᠯᠲᠠ ᠶᠢ ᠪᠡᠶᠡᠯᠡᠭᠦᠯᠵᠦ᠂ ᠲᠤᠬᠠᠶᠢᠯᠠᠭᠰᠠᠨ ᠠᠵᠢᠯ ᠤᠨ ᠴᠠᠭᠠᠰᠤᠨ ᠬᠠᠭᠤᠳᠠᠰᠤ ᠪᠠᠷᠢᠮᠲᠠ ᠶᠢ 20% ᠣᠷᠴᠢᠮ ᠪᠠᠭᠠᠰᠬᠠᠭᠰᠠᠨ ᠪᠠᠶᠢᠨ᠎ᠠ︔ ᠳᠠᠭᠠᠭᠠᠯᠲᠠ ᠬᠢᠵᠦ ᠬᠢᠨᠠᠨ ᠵᠥᠪᠰᠢᠶᠡᠷᠡᠬᠦ ᠶᠢ ᠴᠠᠭᠠᠰᠤ ᠦᠭᠡᠶ ᠪᠣᠯᠭᠠᠬᠤ ᠠᠵᠢᠯ ᠢ ᠪᠦᠬᠦ ᠲᠠᠯ᠎ᠠ ᠪᠠᠷ ᠬᠡᠷᠡᠭᠵᠢᠭᠦᠯᠵᠦ᠂ 3 ᠲᠠᠰ ᠤᠨ ᠬᠢᠨᠠᠨ ᠵᠥᠪᠰᠢᠶᠡᠷᠡᠯ ᠢ 2 ᠳᠡᠰ ᠪᠣᠯᠭᠠᠨ ᠳᠥᠭᠦᠮᠴᠢᠯᠡᠵᠦ᠂ ᠠᠵᠢᠯ ᠤᠨ ᠦᠷ᠎ᠡ ᠪᠦᠲᠦᠮᠵᠢ ᠶᠢ ᠳᠠᠬᠢᠨ ᠢᠶᠠᠷ ᠳᠡᠭᠡᠭᠰᠢᠯᠡᠭᠦᠯᠵᠡᠢ︔ ᠬᠢᠯᠢ ᠪᠠᠷ ᠣᠷᠣᠵᠤ ᠢᠷᠡᠬᠦ ᠬᠢᠵᠢᠭ ᠤᠨ ᠪᠠᠶᠢᠴᠠᠭᠠᠯᠲᠠ ᠶᠢᠨ ᠭᠡᠷᠡᠴᠢ᠂ ᠬᠤᠭᠤᠴᠠᠭ᠎ᠠ ᠰᠠᠭᠠᠲᠠᠭᠠᠵᠤ ᠮᠡᠳᠡᠭᠦᠯᠦᠭᠰᠡᠨ ᠮᠥᠩᠭᠦ ᠶᠢᠨ ᠪᠠᠷᠢᠮᠲᠠ᠂ ᠪᠣᠭᠤᠮᠲᠠ ᠳᠤ ᠮᠡᠳᠡᠭᠦᠯᠬᠦ ᠨᠠᠶᠢᠳᠠᠯᠭ᠎ᠠ ᠵᠡᠷᠭᠡ 3 ᠵᠦᠢᠯ ᠤᠨ ᠲᠤᠬᠠᠶᠢᠯᠠᠭᠰᠠᠨ ᠠᠵᠢᠯ ᠤᠨ ᠡᠯᠧᠺᠲᠷᠤᠨᠴᠢᠯᠠᠭᠦ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂《ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠠᠵᠤ ᠠᠬᠤᠶᠢᠯᠠᠯ ᠢ ᠳᠤᠲᠠᠭᠤ ᠭᠦᠶᠦᠯᠭᠡᠬᠦ》 ᠶᠢ ᠪᠡᠶᠡᠯᠡᠭᠦᠯᠪᠡ᠃ ᠭᠤᠷᠪᠠ ᠳᠤ᠂ ᠠᠵᠢᠯ ᠤᠨ ᠲᠡᠰ ᠳᠠᠷᠠᠭᠠᠯᠠᠯ ᠢ ᠳᠥᠭᠦᠮᠴᠢᠯᠡᠵᠦ᠂ ᠠᠵᠤ ᠠᠬᠤᠶᠢᠯᠠᠯ ᠢ ᠵᠣᠷᠢᠭᠵᠢᠭᠤᠯᠤᠨ 《 ᠵᠢᠷᠭᠤᠭᠠᠨ ᠨᠢᠭᠡ 》 ᠶᠢᠨ ᠱᠠᠭᠠᠷᠳᠠᠯᠭ᠎ᠠ ᠳᠤ ᠨᠡᠶᠢᠴᠡᠬᠦ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠶᠢᠨ ᠪᠠᠷᠠᠭ᠎ᠠ ᠭᠤᠶᠤᠴᠢᠯᠠᠬᠤ ᠠᠴᠢᠶᠠᠯᠠᠪᠤᠷᠢ ᠶᠢᠨ ᠬᠠᠭᠤᠳᠠᠰᠤ ᠶᠢ ᠨᠡᠶᠢᠯᠡᠭᠦᠯᠵᠦ᠂ ᠨᠡᠶᠢᠯᠡᠭᠦᠯᠬᠦ ᠠᠵᠢᠯ ᠤᠨ ᠳᠤᠮᠳᠠᠴᠢ ᠴᠠᠭ ᠢ 15 ᠮᠢᠨᠦ᠋ᠲ ᠪᠠᠶᠢᠭᠰᠠᠨ ᠠᠴᠠ 5 ᠮᠢᠨᠦ᠋ᠲ ᠪᠣᠯᠭᠠᠨ ᠪᠣᠭᠤᠨᠢᠰᠬᠠᠪᠠ︔ ᠭᠠᠳᠠᠭᠠᠳᠤ ᠳᠤ ᠭᠠᠷᠭᠠᠬᠤ ᠠᠴᠢᠶᠠᠯᠠᠪᠤᠷᠢ ᠶᠢᠨ ᠬᠠᠭᠤᠳᠠᠰᠤ ᠶᠢ ᠲᠠᠰ ᠳᠡᠪᠰᠢᠭᠦᠯᠦᠨ᠂ ᠶᠡᠭᠡ ᠬᠡᠮᠵᠢᠶᠡᠨ ᠤ ᠠᠭᠤᠷᠬᠠᠶ ᠶᠢᠨ ᠭᠠᠷᠤᠯᠲᠠ ᠶᠢ ᠨᠡᠶᠢᠯᠡᠭᠦᠯᠵᠦ ᠭᠤᠶᠤᠴᠢᠯᠠᠨ ᠮᠡᠳᠡᠭᠦᠯᠦᠭᠰᠡᠨ ᠰᠠᠭᠤᠷᠢᠨ ᠳᠡᠭᠡᠷ᠎ᠡ᠂ ᠭᠠᠳᠠᠭᠠᠳᠤ ᠳᠤ ᠭᠠᠷᠭᠠᠬᠤ ᠪᠣᠯᠪᠠᠰᠤᠷᠠᠭᠤᠯᠤᠭᠰᠠᠨ ᠲᠣᠰᠣ ᠶᠢ ᠲᠥᠪᠯᠡᠷᠡᠭᠦᠯᠦᠨ ᠭᠤᠶᠤᠴᠢᠯᠠᠨ ᠮᠡᠳᠡᠭᠦᠯᠬᠦ ᠶᠢ ᠪᠡᠶᠡᠯᠡᠭᠦᠯᠬᠦ ᠶᠢᠨ ᠬᠠᠮᠲᠤ᠂ ᠨᠡᠶᠢᠯᠡᠭᠦᠯᠦᠨ ᠭᠤᠶᠤᠴᠢᠯᠠᠨ ᠮᠡᠳᠡᠭᠦᠯᠬᠦ ᠬᠡᠪᠴᠢᠶ᠎ᠡ ᠶᠢ ᠭᠠᠳᠠᠭᠠᠳᠤ ᠠᠴᠠ ᠣᠷᠣᠭᠤᠯᠬᠤ ᠂ ᠮᠣᠳᠣᠨ ᠡᠭᠡᠳᠡᠩ ᠬᠦᠷᠲᠡᠯ᠎ᠡ ᠥᠷᠭᠡᠳᠬᠡᠵᠦ᠂ ᠪᠣᠭᠤᠮᠲᠠ ᠳᠤ ᠮᠡᠳᠡᠭᠦᠯᠬᠦ ᠬᠠᠭᠤᠳᠠᠰᠤ ᠶᠢᠨ ᠬᠡᠮᠵᠢᠶ᠎ᠡ ᠶᠢ ᠪᠦᠲᠦᠮᠵᠢᠲᠡᠶ ᠪᠠᠭᠠᠰᠬᠠᠭᠰᠠᠨ ᠪᠠᠶᠢᠨ᠎ᠠ︔ ᠪᠣᠭᠤᠮᠲᠠ ᠳᠤ ᠮᠡᠳᠡᠭᠦᠯᠬᠦ ᠬᠠᠭᠤᠳᠠᠰᠤ ᠶᠢ ᠲᠤᠰ ᠡᠳᠦᠷ ᠲᠤᠨᠢ ᠰᠢᠢᠳᠪᠦᠷᠢᠯᠡᠬᠦ ᠨᠣᠷᠮ᠎ᠠ ᠶᠢ ᠳᠡᠭᠡᠭᠰᠢᠯᠡᠭᠦᠯᠵᠦ᠂ ᠪᠣᠭᠤᠮᠲᠠ ᠳᠤ ᠮᠡᠳᠡᠭᠦᠯᠬᠦ ᠬᠠᠭᠤᠳᠠᠰᠤ ᠶᠢ ᠪᠠᠶᠢᠴᠠᠭᠠᠨ ᠰᠢᠯᠭᠠᠭᠰᠠᠨ ᠦᠷ᠎ᠡ ᠳ᠋ᠦᠩ ᠨᠢ ᠬᠡᠪ ᠤᠨ ᠪᠤᠰᠤ ᠪᠠᠶᠢᠬᠤ ᠶᠢ ᠭᠠᠷᠭᠠᠪᠠᠯ᠂ ᠴᠥᠮ ᠲᠤᠰ ᠡᠳᠦᠷ ᠲᠤᠨᠢ ᠰᠢᠢᠳᠪᠦᠷᠢᠯᠡᠬᠦ ᠶᠢ ᠪᠡᠶᠡᠯᠡᠭᠦᠯᠪᠡ᠃