ᠵᠤᠬᠢᠶᠠᠭᠴᠢ:
ᠴᠠᠭ:2021-10-28
ᠥᠵᠡᠭᠰᠡᠨ : ℃
ᠢᠷᠡᠯᠲᠡ: ᠰᠢᠯᠢ ᠶᠢᠨ ᠭᠣᠣᠯ ᠠᠢᠮᠠᠭ ᠤᠨ ᠵᠠᠬᠢᠷᠭ᠎ᠠ
ᠰᠢᠯᠢ ᠶᠢᠨ ᠭᠤᠤᠯ ᠮᠡᠲᠡᠯᠭᠡ ᠶᠢᠨ ᠥᠮᠴᠢᠯᠡᠯ ᠤᠨ ᠡᠷᠭᠡ ᠶᠢᠨ ᠬᠠᠮᠠᠭᠠᠯᠠᠯᠲᠠ ᠥᠢᠯᠡᠴᠢᠯᠡᠭᠡᠨ ᠤ ᠲᠠᠪᠴᠠᠩ ᠠᠰᠢᠭᠯᠠᠯᠲᠠ ᠳᠤ ᠤᠷᠤᠪᠠ
ᠤᠢᠢᠷ᠎ᠠ ᠶᠢᠨ ᠡᠲᠥᠷ᠂ ᠠᠶᠢᠮᠠᠭ ᠤᠨ ᠵᠠᠬ᠎ᠠ ᠲᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠶᠢᠨ ᠰᠢᠯᠢ ᠶᠢᠨ ᠭᠤᠤᠯ ᠮᠡᠲᠡᠯᠭᠡ ᠶᠢᠨ ᠥᠮᠴᠢᠯᠡᠯ ᠤᠨ ᠡᠷᠭᠡ ᠶᠢᠨ ᠬᠠᠮᠠᠭᠠᠯᠠᠯᠲᠠ ᠦᠢᠯᠡᠴᠢᠯᠡᠭᠡᠨ ᠤ ᠲᠠᠪᠴᠠᠩ ᠠᠰᠢᠭᠯᠠᠯᠲᠠ ᠳᠤ ᠤᠷᠤᠪᠠ᠃ ᠲᠤᠰ ᠲᠠᠪᠴᠠᠩ ᠢ ᠤᠯᠤᠰ᠂ ᠥᠪᠡᠷᠲᠡᠭᠡᠨ ᠵᠠᠰᠠᠬᠤ ᠤᠷᠤᠨ ᠪᠤᠯᠤᠨ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠶᠢᠨ ᠮᠡᠲᠡᠯᠭᠡ ᠶᠢᠨ ᠥᠮᠴᠢᠯᠡᠯ ᠤᠨ ᠡᠷᠭᠡ ᠶᠢ ᠬᠠᠮᠠᠭᠠᠯᠠᠬᠤ ᠠᠵᠢᠯ ᠢ ᠴᠢᠩᠭᠠᠳᠬᠠᠬᠤ ᠲᠤᠬᠠᠢ ᠪᠠᠶᠢᠷᠢᠯᠠᠭᠤᠯᠤᠯᠲᠠ ᠱᠠᠭᠠᠷᠲᠠᠯᠭ᠎ᠠ ᠶᠢ ᠬᠥᠨᠵᠡᠭᠡᠢ ᠲᠤᠤᠱᠯᠠᠭᠤᠯᠤᠨ ᠨᠠᠶᠢᠲᠠᠪᠤᠷᠢᠵᠢᠭᠤᠯᠵᠥ᠂ ᠰᠢᠨ᠎ᠠ ᠶᠢ ᠡᠬᠦᠳᠴᠥ ᠬᠥᠭᠵᠢᠬᠦᠯᠬᠦ ᠲᠤᠮᠲᠠᠬᠢ ᠴᠢᠬᠤᠯᠠ ᠥᠢᠯᠡᠲᠥᠯ ᠢ ᠬᠥᠢᠴᠡᠳ ᠪᠠᠲᠠᠷᠠᠭᠤᠯᠵᠥ᠂ ᠠᠷᠠᠯᠵᠢᠶ᠎ᠠ ᠡᠷᠬᠢᠯᠡᠬᠦ ᠤᠷᠴᠢᠨ ᠢ ᠤᠯᠠᠮ ᠨᠢᠭᠡ ᠠᠯᠬᠤᠮ ᠰᠢᠯᠢᠲᠡᠭᠵᠢᠬᠦᠯᠬᠦ ᠶᠢᠨ ᠲᠥᠯᠥᠭᠡ ᠪᠠᠶᠢᠭᠤᠯᠵᠥ ᠠᠰᠢᠭᠯᠠᠯᠲᠠ ᠳᠤ ᠤᠷᠤᠭᠤᠯᠤᠭᠰᠠᠨ ᠪᠠᠶᠢᠨ᠎ᠠ᠃ ᠲᠤᠰ ᠲᠠᠪᠴᠠᠩ ᠨᠢ ᠮᠡᠲᠡᠯᠭᠡ ᠶᠢᠨ ᠥᠮᠴᠢᠯᠡᠯ ᠤᠨ ᠡᠷᠭᠡ ᠶᠢ ᠪᠠᠶᠢᠴᠠᠭᠠᠨ ᠯᠠᠪᠯᠠᠬᠤ᠂ ᠡᠬᠦᠲᠥᠨ ᠪᠥᠲᠥᠭᠡᠬᠦ ᠶᠠᠰᠤ ᠴᠢᠨᠠᠷ᠂ ᠬᠡᠷᠡᠭᠯᠡᠯᠲᠡ ᠶᠢᠨ ᠥᠷ᠎ᠠ ᠠᠰᠢᠭ᠂ ᠠᠵᠤ ᠠᠬᠤᠢᠢᠯᠠᠯ ᠤᠨ ᠥᠢᠯᠡᠴᠢᠯᠡᠭᠡ᠂ ᠮᠡᠲᠡᠯᠭᠡ ᠶᠢᠨ ᠥᠮᠴᠢᠯᠡᠯ ᠤᠨ ᠡᠷᠭᠡ ᠶᠢᠨ ᠬᠠᠤᠯᠢ ᠴᠠᠭᠠᠵᠠ ᠬᠠᠤᠯᠢ ᠲᠤᠭᠲᠠᠭᠠᠯ ᠢ ᠨᠢᠭᠡ ᠴᠤᠭᠴᠠᠵᠢᠭᠤᠯᠤᠭᠰᠠᠨ ᠮᠡᠲᠡᠯᠭᠡ ᠶᠢᠨ ᠥᠮᠴᠢᠯᠡᠯ ᠤᠨ ᠡᠷᠭᠡ ᠶᠢᠨ ᠤᠯᠠᠨ ᠨᠡᠶᠢᠲᠡ ᠶᠢᠨ ᠥᠢᠯᠡᠴᠢᠯᠡᠭᠡᠨ ᠤ ᠰᠢᠰᠲ᠋ᠧᠮ ᠪᠤᠯᠤᠨ᠎ᠠ᠃ ᠲᠠᠪᠴᠠᠩ ᠢ ᠠᠰᠢᠭᠯᠠᠬᠤ ᠲᠤᠮᠲᠠ᠂ ᠮᠠᠨ ᠤ ᠠᠶᠢᠮᠠᠭ ᠤᠨ ᠭᠠᠵᠠᠷ ᠵᠥᠢ ᠶᠢᠨ ᠲᠠᠪᠠᠭᠤᠯᠢᠭ᠂ ᠠᠵᠤ ᠥᠢᠯᠡᠰ ᠤᠨ ᠲᠠᠪᠠᠭᠤᠯᠢᠭ ᠢ ᠥᠨᠲᠤᠰᠤᠯᠡᠨ ᠠᠵᠢᠯ ᠢᠶᠠᠨ ᠥᠷᠨᠢᠬᠦᠯᠵᠥ᠂ ᠢᠲᠡᠭ ᠢᠲᠡᠭ ᠢᠶᠠᠷ ᠲᠠᠪᠴᠠᠩ ᠤᠨ ᠰᠤᠷᠠᠭ ᠵᠠᠩᠭᠢ ᠶᠢ ᠪᠠᠶᠠᠯᠢᠬᠵᠢᠭᠤᠯᠵᠥ᠂ ᠮᠡᠳᠡᠯᠭᠡ ᠶᠢᠨ ᠥᠮᠴᠢᠯᠡᠯ ᠤᠨ ᠡᠷᠭᠡ ᠶᠢ ᠬᠠᠮᠠᠭᠠᠯᠠᠬᠤ ᠠᠷᠭ᠎ᠠ ᠵᠠᠮ ᠢ ᠨᠡᠮᠡᠭᠲᠡᠬᠦᠯᠵᠥ᠂ ᠪᠥᠬᠦ ᠠᠶᠢᠮᠠᠭ ᠤᠨ ᠠᠵᠤ ᠠᠬᠤᠢᠢᠯᠠᠯ ᠳᠤ ᠨᠡᠩ ᠲᠥᠭᠦᠮ ᠲᠥᠲᠡ ᠮᠡᠲᠡᠯᠭᠡ ᠶᠢᠨ ᠥᠮᠴᠢᠯᠡᠯ ᠤᠨ ᠡᠷᠭᠡ ᠶᠢᠨ ᠪᠠᠶᠢᠴᠠᠭᠠᠨ ᠯᠠᠪᠯᠠᠯᠲᠠ᠂ ᠬᠡᠷᠡᠭᠯᠡᠯᠲᠡ ᠵᠢᠴᠢ ᠬᠠᠮᠠᠭᠠᠯᠠᠯᠲᠠ ᠵᠡᠷᠭᠡ ᠥᠢᠯᠡᠴᠢᠯᠡᠭᠡ ᠬᠠᠨᠭ᠍ᠭᠠᠵᠥ᠂ ᠠᠵᠤ ᠠᠬᠤᠢᠢᠯᠠᠯ ᠤᠨ ᠮᠡᠲᠡᠯᠭᠡ ᠶᠢᠨ ᠥᠮᠴᠢᠯᠡᠯ ᠤᠨ ᠡᠷᠭᠡ ᠶᠢᠨ ᠠᠵᠢᠯ ᠳᠤ ᠲᠤᠯᠭᠠᠷᠠᠭᠰᠠᠨ ᠬᠥᠴᠢᠷᠲᠡᠯ ᠢ ᠪᠥᠲᠥᠮᠵᠢᠲᠡᠢ ᠰᠢᠢᠳᠪᠤᠷᠢᠯᠡᠵᠥ᠂ ᠤᠷᠤᠨ ᠪᠥᠰᠡ ᠶᠢᠨ ᠮᠡᠲᠡᠯᠭᠡ ᠶᠢᠨ ᠥᠮᠴᠢᠯᠡᠯ ᠤᠨ ᠡᠷᠭᠡ ᠶᠢᠨ ᠬᠥᠷᠢᠶ᠎ᠠ ᠬᠡᠪᠴᠢᠶᠡᠨ ᠳᠠᠬᠢ ᠠᠷᠠᠯᠵᠢᠶ᠎ᠠ ᠡᠷᠬᠢᠯᠡᠬᠦ ᠤᠷᠴᠢᠨ ᠲᠤᠭᠤᠷᠢᠨ ᠤ ᠪᠠᠶᠢᠭᠤᠯᠤᠯᠲᠠ ᠶᠢ ᠤᠯᠠᠮ ᠴᠢᠩᠭᠠᠳᠬᠠᠬᠤ ᠪᠤᠯᠤᠨ᠎ᠠ᠃
ᠠᠶᠢᠮᠠᠭ ᠬᠤᠲᠠ ᠶᠢᠨ ᠵᠠᠬ᠎ᠠ ᠲᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠨᠢ ᠰᠥᠯᠵᠢᠶᠡᠨ ᠲᠡᠭᠡᠷᠡᠬᠢ ᠮᠡᠲᠡᠯᠭᠡ ᠶᠢᠨ ᠥᠮᠴᠢᠯᠡᠯ ᠤᠨ ᠡᠷᠭᠡ ᠶᠢᠨ ᠬᠠᠮᠠᠭᠠᠯᠠᠯᠲᠠ ᠥᠢᠯᠡᠴᠢᠯᠡᠭᠡ ᠶᠢᠨ ᠡᠬᠢ ᠰᠤᠷᠪᠤᠯᠵᠢ ᠪᠠᠨ ᠲᠠᠰᠤᠷᠠᠯᠲᠠ ᠥᠭᠡᠢ ᠨᠡᠮᠡᠭᠲᠡᠬᠦᠯᠵᠥ᠂ ᠬᠠᠮᠠᠭᠠᠯᠠᠯᠲᠠ ᠥᠢᠯᠡᠴᠢᠯᠡᠭᠡ ᠶᠢᠨ ᠵᠠᠬᠪᠤᠷ ᠤᠨ ᠰᠢᠨ᠎ᠠ ᠶᠢ ᠡᠬᠦᠳᠴᠥ᠂ ᠰᠥᠯᠵᠢᠶᠡᠨ ᠲᠡᠭᠡᠷᠡᠬᠢ ᠥᠢᠯᠡᠴᠢᠯᠡᠭᠡᠨ ᠤ ᠴᠢᠲᠠᠪᠤᠷᠢ ᠪᠤᠯᠤᠨ ᠬᠢᠷᠢ ᠲᠥᠪᠰᠢᠨ ᠢ ᠲᠡᠭᠡᠭᠰᠢᠯᠡᠬᠦᠯᠵᠥ᠂ ᠪᠥᠬᠦ ᠠᠶᠢᠮᠠᠭ ᠤᠨ ᠮᠡᠲᠡᠯᠭᠡ ᠶᠢᠨ ᠥᠮᠴᠢᠯᠡᠯ ᠤᠨ ᠡᠷᠭᠡ ᠶᠢᠨ ᠬᠠᠮᠠᠭᠠᠯᠠᠯᠲᠠ ᠶᠢᠨ ᠠᠵᠢᠯ ᠢ ᠲᠠᠰᠤᠷᠠᠯᠲᠠ ᠥᠭᠡᠢ ᠰᠢᠨ᠎ᠠ ᠲᠥᠪᠰᠢᠨ ᠳᠤ ᠬᠥᠷᠭᠡᠬᠦ ᠪᠤᠯᠤᠨ᠎ᠠ᠃