ᠵᠤᠬᠢᠶᠠᠭᠴᠢ:
ᠴᠠᠭ:2025-03-21
ᠥᠵᠡᠭᠰᠡᠨ : ℃
ᠢᠷᠡᠯᠲᠡ: ᠵᠠᠬᠢᠷᠭ᠎ᠠ ᠶᠢᠨ
ᠠᠶᠢᠮᠠᠭ ᠤᠨ ᠨᠠᠮ ᠤᠨ ᠬᠤᠷᠢᠶ᠎ᠠ 2025 ᠣᠨ ᠤ ᠳᠣᠯᠣᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠯᠢ ᠶᠢᠨ ᠭᠤᠣᠯ ᠠᠶᠢᠮᠠᠭ ᠤᠨ ᠬᠤᠷᠢᠶ᠎ᠠ 2025 ᠣᠨ ᠤ ᠳᠣᠯᠣᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠨᠠᠶᠢᠳᠠᠪᠤᠷᠢᠵᠢᠭᠤᠯᠬᠤ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠬᠤᠷᠠᠯ ᠢ ᠡᠷᠬᠢᠯᠡᠪᠡ᠃
ᠬᠤᠷᠠᠯ ᠠᠴᠠ ᠴᠢᠬᠤᠯᠠᠴᠢᠯᠠᠬᠤ ᠳᠠᠭᠠᠨ᠂ 2 ᠰᠠᠷ᠎ᠠ ᠶᠢᠨ 28 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠳᠦᠷᠤ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠬᠦᠠᠵᠠᠭᠡᠢ ᠰᠤᠷᠤᠯᠴᠠᠨ ᠂ 《ᠠᠷᠪᠠᠨ ᠲᠦᠷᠪᠡᠳᠦᠭᠡᠷ ᠲᠠᠪᠤᠨ ᠵᠢᠯ》 ᠤᠨ ᠲᠥᠯᠦᠪᠵᠢᠭᠦᠯᠭᠡ ᠶᠢᠨ ᠰᠡᠭᠦᠯ ᠬᠤᠷᠢᠶᠠᠬᠤ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠪᠦᠭᠦ ᠲᠠᠯ᠎ᠠ ᠪᠠᠷ ᠡᠮᠬᠢᠯᠡᠨ ᠲᠢᠭᠯᠡᠵᠦ᠂ ᠳᠤᠲᠠᠭᠤᠳᠠᠯ ᠢ ᠪᠠᠶᠢᠴᠠᠭᠠᠨ ᠨᠥᠬᠦᠪᠦᠷᠢᠯᠡᠵᠦ᠂ ᠡᠯ᠎ᠡ ᠵᠦᠢᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠠᠢ᠃ ᠪᠠᠷᠠᠯᠠᠯᠳᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠤᠨ ᠵᠠᠷᠴᠢᠮ ᠢ ᠪᠠᠷᠢᠮᠲᠠᠯᠠᠨ᠂ 《ᠠᠷᠪᠠᠨ ᠲᠠᠪᠤᠳᠤᠭᠠᠷ ᠲᠠᠪᠤᠨ ᠵᠢᠯ》 ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠲᠥᠯᠦᠪᠵᠢᠭᠦᠯᠭᠡ ᠶᠢᠨ ᠬᠡᠷᠡᠭᠵᠢᠭᠦᠯᠤᠰᠢᠳᠠᠢ ᠪᠦᠭᠡᠳ ᠦᠷ᠎ᠡ ᠪᠦᠲᠦᠮᠵᠢ ᠣᠯᠵᠤ ᠴᠢᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠠᠵᠤ ᠠᠬᠤᠢ ᠶᠢᠨ ᠠᠵᠢᠯ ᠢ ᠨᠡᠩ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠰᠠᠶᠢᠲᠤᠷ ᠠᠳᠬᠤᠵᠤ᠂ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠶᠢ ᠪᠠᠬᠢᠵᠢᠭᠦᠯᠦᠨ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠤᠨ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠠᠢ᠃
ᠬᠤᠷᠠᠯ ᠠᠴᠠ ᠴᠢᠬᠤᠯᠠᠴᠢᠯᠠᠬᠤ ᠳᠠᠭᠠᠨ᠂ ᠶᠡᠷᠦᠩᠬᠡᠢ ᠱᠦᠵᠢ ᠰᠢ ᠫᠢᠩ ᠤᠨ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢ ᠡᠷᠬᠢᠯᠡᠨ ᠬᠤᠷᠠᠯᠳᠤᠭᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠣᠯᠣᠨ ᠡᠮᠦᠨ᠎ᠡ ᠹᠷᠣᠨᠲ ᠤᠨ ᠺᠠᠳ᠋ᠷ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠡᠯ᠎ᠡ ᠬᠦᠷᠢᠶᠡᠨ ᠤ ᠵᠥᠷᠢᠴᠡᠯ ᠢ ᠵᠢᠬᠰᠠᠭᠠᠨ ᠪᠠᠶᠢᠴᠠᠭᠠᠵᠦ ᠰᠶᠢᠳᠪᠦᠷᠢᠯᠡᠬᠦ ᠠᠵᠢᠯ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠡᠶᠢᠭᠡᠮ ᠤᠨ ᠠᠮᠤᠷ ᠲᠦᠪᠰᠢᠨ ᠤ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ᠃ ᠵᠠᠬᠢᠳᠠᠯ ᠰᠣᠷᠪᠤᠯᠵᠢᠯᠠᠯ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠵᠠᠬᠢᠳᠠᠯ ᠰᠣᠷᠪᠤᠯᠵᠢᠯᠠᠯ ᠤᠨ ᠳᠠᠷᠤᠭᠳᠠᠮᠠᠯ ᠬᠡᠷᠡᠭ ᠢ ᠰᠶᠢᠳᠪᠦᠷᠢᠯᠡᠬᠦ ᠠᠵᠢᠯ ᠢ ᠲᠦᠷᠭᠡᠨ ᠠᠬᠢᠭᠤᠯᠵᠤ᠂ ᠤᠯᠠᠨ ᠲᠦᠮᠡᠨ ᠤ ᠵᠣᠪᠠᠨᠢᠯ ᠪᠤᠬᠢᠨᠢᠳᠤᠯ ᠬᠦᠴᠢᠷᠳᠡᠯ ᠢ ᠰᠠᠶᠢᠲᠤᠷ ᠰᠶᠢᠳᠪᠦᠷᠢᠯᠡᠬᠦ ᠬᠡᠷᠡᠭᠲᠡᠢ᠃ ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠬᠦ ᠪᠠ ᠤᠨᠲᠠᠷᠠᠭᠠᠬᠤ ᠶᠢ ᠤᠶᠠᠯᠳᠤᠭᠤᠯᠬᠤ ᠶᠢ ᠪᠠᠷᠢᠮᠲᠠᠯᠠᠠ᠂ ᠭᠠᠯ ᠤᠨ ᠡᠬᠢ ᠰᠤᠷᠪᠤᠯᠵᠢ ᠶᠢ ᠬᠠᠮᠢᠶᠠᠷᠤᠨ ᠡᠵᠡᠮᠳᠡᠬᠦ ᠪᠠ ᠲᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠭᠠᠯ ᠰᠡᠷᠭᠡᠶᠢᠯᠡᠵᠦ ᠤᠨᠲᠠᠷᠠᠭᠠᠬᠤ ᠡᠳ᠋ ᠪᠣᠳᠠᠰ ᠤᠨ ᠨᠥᠭᠡᠴᠡ ᠪᠠ ᠬᠥᠮᠥᠨ ᠤ ᠬᠦᠴᠦᠨ ᠤ ᠪᠠᠶᠢᠭᠤᠯᠤᠯᠲᠠ ᠶᠢ ᠴᠢᠩᠭᠠᠳᠬᠠᠠ᠂ ᠤᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠢ ᠰᠡᠷᠭᠡᠶᠢᠯᠡᠨ ᠤᠨᠲᠠᠷᠠᠭᠠᠬᠤ ᠪᠠᠶᠢᠳᠠᠯ ᠤᠨ ᠦᠷᠭᠦᠯᠵᠢᠯᠡᠨ ᠰᠠᠶᠢᠵᠢᠷᠠᠬᠤ ᠶᠢ ᠪᠠᠲᠤᠯᠠᠬᠤ ᠬᠡᠷᠡᠭᠲᠡᠢ ᠭᠡᠵᠠᠢ᠃
ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃