ᠵᠤᠬᠢᠶᠠᠭᠴᠢ:
ᠴᠠᠭ:2025-03-28
ᠥᠵᠡᠭᠰᠡᠨ : ℃
ᠢᠷᠡᠯᠲᠡ: ᠵᠠᠬᠢᠷᠭ᠎ᠠ ᠶᠢᠨ
ᠵᠠᠰᠠᠭ ᠤᠨ ᠤᠷᠳᠤᠨ ᠪᠠᠩᠬᠢ ᠠᠵᠤ ᠠᠬᠤᠶᠢᠯᠠᠯ ᠬᠤᠯᠪᠤᠭᠠᠯᠠᠨ ᠬᠥᠳᠡᠯᠦᠯᠴᠡᠵᠦ ᠵᠢᠵᠢᠭ ᠪᠢᠴᠢᠯ ᠠᠵᠤ ᠠᠬᠤᠶᠢᠯᠠᠯ ᠤᠨ ᠬᠦᠭᠵᠢᠯᠲᠡ ᠶᠢ ᠲᠦᠷᠭᠡᠳᠬᠡᠨ᠎ᠠ
ᠣᠶᠢᠷ᠎ᠠ ᠳᠤ᠂ ᠰᠢᠯᠢ ᠶᠢᠨ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠣᠨ ᠲᠠᠷᠢᠶᠠᠯᠠᠩ ᠤᠨ ᠪᠠᠩᠬᠢ ᠶᠢᠨ ᠰᠢᠯᠢ ᠶᠢᠨ ᠭᠤᠣᠯ ᠤᠨ ᠬᠤᠪᠢᠶᠠᠷᠢ ᠪᠠᠩᠬᠢ ᠠᠴᠠ ᠬᠠᠮᠲᠤᠷᠠᠨ ᠡᠷᠬᠢᠯᠡᠭᠰᠡᠨ 《ᠰᠡᠳᠬᠢᠯ ᠨᠢᠭᠡᠳᠦᠨ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠰᠢᠨ᠎ᠡ ᠬᠠᠭᠤᠳᠠᠰᠤ ᠶᠢ ᠪᠢᠴᠢᠭᠯᠡᠶ᠎ᠠ》 ᠭᠡᠬᠦ ᠭᠤᠣᠯ ᠰᠡᠳᠦᠪᠳᠦ ᠮᠥᠩᠭᠦᠨ ᠭᠦᠢᠯᠭᠡᠭᠡ ᠪᠠᠷ ᠠᠷᠠᠳ ᠡᠴᠡ ᠡᠵᠡᠩᠨᠡᠭᠰᠡᠨ ᠵᠢᠵᠢᠭ ᠪᠢᠴᠢᠯ ᠠᠵᠤ ᠠᠬᠤᠶᠢᠯᠠᠯ ᠢ ᠳᠡᠮᠵᠢᠬᠦ ᠨᠡᠷᠡᠳᠬᠦᠨ ᠤ ᠲᠠᠨᠢᠯᠴᠠᠭᠤᠯᠭ᠎ᠠ ᠶᠢᠨ ᠬᠤᠷᠠᠯ ᠰᠢᠯᠢ ᠶᠢᠨ ᠬᠤᠲᠠ ᠳᠤ ᠶᠠᠪᠤᠭᠳᠠᠪᠠ᠃ ᠠᠵᠢᠯᠯᠠᠭ᠎ᠠ ᠶᠢᠨ ᠵᠣᠷᠢᠯᠭ᠎ᠠ ᠨᠢ 《ᠵᠢᠷᠭᠤᠭᠠᠨ ᠠᠵᠢᠯᠯᠠᠭ᠎ᠠ》 ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠵᠢᠵᠢᠭ ᠪᠢᠴᠢᠯ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠬᠦᠴᠢᠷᠲᠡᠢ ᠪᠠᠶᠢᠬᠤ ᠠᠰᠠᠭᠤᠳᠠᠯ ᠢ ᠦᠨᠡᠨ ᠬᠦ ᠰᠶᠢᠳᠪᠦᠷᠢᠯᠡᠨ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠶᠢᠨ ᠲᠥᠯᠥᠭᠡ ᠶᠤᠮ᠃
ᠠᠵᠢᠯᠯᠠᠭ᠎ᠠ ᠳᠤ 50 ᠠᠵᠤ ᠠᠬᠤᠶᠢᠯᠠᠯ ᠤᠨ 80 ᠭᠠᠷᠤᠢ ᠲᠥᠯᠥᠭᠡᠯᠡᠭᠴᠢ ᠣᠷᠣᠯᠴᠠᠵᠠᠢ᠃ ᠬᠤᠷᠠᠯ ᠳᠡᠭᠡᠷ᠎ᠡ ᠲᠠᠷᠢᠶᠠᠯᠠᠩ ᠤᠨ ᠪᠠᠩᠬᠢ ᠶᠢᠨ ᠰᠢᠯᠢ ᠶᠢᠨ ᠭᠤᠣᠯ ᠤᠨ ᠬᠤᠪᠢᠶᠠᠷᠢ ᠪᠠᠩᠬᠢ ᠶᠢᠨ ᠠᠵᠢᠯᠲᠠᠳ ᠲᠤᠰᠬᠠᠶᠢᠯᠠᠨ ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ ᠵᠣᠷᠢᠭᠤᠯᠤᠬᠰᠠᠨ ᠣᠯᠠᠨ ᠵᠦᠢᠯ ᠤᠨ ᠢᠲᠡᠭᠡᠮᠵᠢᠲᠦ ᠵᠢᠭᠡᠯᠡᠯᠭᠡ ᠶᠢᠨ ᠨᠡᠷᠡᠳᠬᠦᠨ ᠢ ᠨᠠᠷᠢᠨ ᠲᠠᠨᠢᠯᠴᠠᠭᠤᠯᠵᠤ᠂ ᠨᠡᠷᠡᠳᠬᠦᠨ ᠤ ᠴᠢᠳᠠᠮᠵᠢ᠂ ᠣᠨᠴᠠᠯᠢᠭ᠂ ᠢᠲᠡᠭᠡᠮᠵᠢ ᠣᠯᠭᠤᠬᠤ ᠲᠤᠭ᠎ᠠ ᠬᠡᠮᠵᠢᠶ᠎ᠡ᠂ ᠵᠢᠭᠡᠯᠡᠯᠭᠡ ᠶᠢᠨ ᠬᠤᠭᠤᠴᠠᠭ᠎ᠠ ᠬᠢᠵᠠᠭᠠᠷ ᠵᠢᠴᠢ ᠳᠠᠭᠠᠭᠠᠨ ᠪᠠᠳᠤᠯᠠᠯᠳᠡ ᠬᠢᠬᠦ ᠠᠷᠭ᠎ᠠ ᠮᠠᠶ᠋ᠢᠭ ᠵᠡᠷᠭᠡ ᠠᠵᠤ ᠠᠬᠤᠶᠢᠯᠠᠯ ᠤᠨ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠢ ᠬᠠᠮᠤᠷᠤᠠ᠂ ᠵᠢᠵᠢᠭ ᠪᠢᠴᠢᠯ ᠠᠵᠤ ᠠᠬᠤᠶᠢᠯᠠᠯ ᠤᠨ ᠣᠯᠠᠨ ᠶᠠᠩᠵᠤᠲᠦ ᠬᠡᠷᠡᠭᠴᠡᠭᠡ ᠶᠢ ᠬᠠᠩᠭᠠᠵᠤ᠂ ᠠᠵᠤ ᠠᠬᠤᠶᠢᠯᠠᠯ ᠤᠨ ᠲᠣᠭᠲᠠᠭᠤᠨ ᠬᠥᠭᠵᠢᠯᠲᠡ ᠳᠤ ᠬᠦᠴᠦᠨ ᠨᠡᠮᠡᠷᠢᠯᠡᠪᠡ᠃
ᠰᠠᠨᠠᠯ ᠪᠤᠳᠤᠯ ᠢᠶᠠᠨ ᠰᠣᠯᠢᠯᠴᠠᠬᠤ ᠭᠤᠬᠴᠤᠭ᠎ᠠ ᠳᠤ᠂ ᠣᠯᠠᠨ ᠠᠵᠤ ᠠᠬᠤᠶᠢᠯᠠᠯ ᠤᠨ ᠲᠥᠯᠥᠭᠡᠯᠡᠭᠴᠢ ᠪᠡᠯᠡ ᠬᠤᠷᠠᠮᠳᠤᠭᠤᠯᠬᠤ ᠳᠤ ᠬᠦᠴᠢᠷᠲᠡᠢ᠂ ᠪᠡᠯᠡ ᠬᠤᠷᠠᠮᠳᠤᠭᠤᠯᠬᠤ ᠳᠤ ᠦᠨᠡᠲᠡᠢ ᠪᠠᠶᠢᠬᠤ ᠵᠡᠷᠭᠡ ᠪᠣᠳᠠᠲᠠᠢ ᠠᠰᠠᠭᠤᠳᠠᠯ ᠤᠨ ᠲᠠᠯ᠎ᠠ ᠪᠠᠷ ᠲᠠᠷᠢᠶᠠᠯᠠᠩ ᠤᠨ ᠪᠠᠩᠬᠢ ᠠᠰᠠᠭᠤᠨ ᠯᠠᠪᠯᠠᠵᠠᠢ᠃ ᠲᠠᠷᠢᠶᠠᠯᠠᠩ ᠤᠨ ᠪᠠᠩᠬᠢ ᠶᠢᠨ ᠠᠵᠢᠯᠲᠠᠠ ᠬᠦᠯᠢᠴᠡᠩᠭᠦᠢ ᠪᠠᠷ ᠬᠠᠷᠢᠭᠤᠯᠲᠠ ᠥᠭᠬᠦ ᠶᠢᠨ ᠬᠠᠮᠲᠤ ᠬᠠᠨᠳᠤᠯᠭᠠᠲᠤ ᠴᠢᠨᠠᠷᠲᠠᠢ ᠰᠶᠢᠳᠪᠦᠷᠢᠯᠡᠬᠦ ᠲᠥᠰᠥᠯ ᠬᠠᠩᠭᠠᠭᠰᠠᠨ ᠪᠠᠶᠢᠨ᠎ᠠ᠃ ᠰᠢᠯᠢ ᠶᠢᠨ ᠭᠤᠣᠯ ᠠᠶᠢᠮᠠᠭ ᠤᠨ ᠴᠢᠨ ᠮᠦ ᠢᠳᠡᠭᠡᠨ ᠤᠮᠳᠠᠭᠠᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠸᠠᠩ ᠯᠢ ᠹᠧᠢ ᠢᠯᠡᠷᠬᠡᠶᠢᠯᠡᠬᠦ ᠳᠡᠭᠡᠨ᠂ 《ᠮᠠᠨ ᠤ ᠺᠣᠮᠫᠠᠨᠢ ᠭᠤᠣᠯᠳᠠᠭᠤ ᠦᠬᠡᠷ ᠬᠤᠨᠢᠨ ᠮᠢᠬ᠎ᠠ ᠶᠢ ᠨᠠᠷᠢᠯᠢᠭ ᠡᠳ᠋ᠰᠢᠭᠦᠯᠬᠦ ᠠᠵᠢᠯ ᠡᠷᠭᠢᠯᠡᠵᠦ ᠪᠠᠶᠢᠨ᠎ᠠ᠂ ᠲᠣᠰ ᠤᠳᠠᠭᠠᠨ ᠤ ᠠᠵᠤ ᠠᠬᠤᠶᠢᠯᠠᠯ ᠢ ᠲᠤᠰᠠᠯᠠᠬᠤ ᠮᠥᠩᠭᠦᠨ ᠭᠦᠢᠯᠭᠡᠭᠡᠨ ᠤ ᠲᠠᠨᠢᠯᠴᠠᠭᠤᠯᠭ᠎ᠠ ᠶᠢᠨ ᠬᠤᠷᠠᠯ ᠢᠶᠠᠷ ᠳᠠᠮᠵᠢᠭᠤᠯᠤᠨ᠂ ᠬᠠᠮᠤᠭ ᠤᠨ ᠰᠢᠨ᠎ᠡ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠪᠠ ᠠᠵᠤ ᠠᠬᠤᠶᠢᠯᠠᠯ ᠳᠠᠭᠠᠨ ᠲᠣᠬᠢᠷᠠᠬᠤ ᠮᠥᠩᠭᠦᠨ ᠭᠦᠢᠯᠭᠡᠭᠡᠨ ᠤ ᠨᠡᠷᠡᠳᠬᠦᠨ ᠢ ᠭᠦᠨᠵᠡᠭᠡᠢ ᠣᠶᠢᠯᠠᠭᠠᠯ᠎ᠠ᠃ ᠡᠲᠡᠭᠡᠷ ᠮᠥᠩᠭᠦᠨ ᠭᠦᠢᠯᠭᠡᠭᠡᠨ ᠤ ᠨᠡᠷᠡᠳᠬᠦᠨ ᠨᠢ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ ᠬᠦᠴᠢᠷᠲᠡᠢ ᠪᠠᠶᠢᠬᠤ ᠠᠰᠠᠭᠤᠳᠠᠯ ᠢ ᠬᠠᠪᠰᠤᠷᠤᠨ ᠰᠶᠢᠳᠪᠦᠷᠢᠯᠡᠵᠦ ᠲᠡᠶᠢᠯᠦᠨ᠎ᠠ᠂ ᠣᠳᠣᠬᠠᠨ ᠳᠤ ᠪᠢᠳᠡ ᠨᠢᠭᠡᠨᠲᠡ ᠢᠲᠡᠭᠡᠮᠵᠢᠲᠦ ᠵᠢᠭᠡᠯᠡᠯᠭᠡ ᠲᠠᠯᠪᠢᠭᠴᠢ ᠲᠠᠢ ᠬᠠᠮᠢᠶ᠎ᠠ ᠪᠦᠬᠦᠢ ᠵᠦᠢᠯᠡᠰ ᠢ ᠵᠣᠯᠭᠠᠭᠤᠯᠵᠤ᠂ ᠤᠳᠠᠯ ᠦᠭᠡᠢ ᠪᠡᠯᠡ ᠮᠥᠩᠭᠦ ᠣᠯᠵᠤ ᠳᠡᠶᠢᠯᠬᠦ ᠮᠥᠷᠲᠡᠭᠡᠨ ᠪᠥᠬᠦ ᠶᠠᠪᠤᠴᠠ ᠶᠢ ᠴᠥᠮ ᠰᠦᠯᠵᠢᠶᠡᠨ ᠳᠡᠭᠡᠷ᠎ᠡ ᠭᠦᠢᠴᠡᠳᠬᠡᠵᠦ ᠪᠤᠯᠬᠤ ᠳᠤᠯᠠ ᠮᠠᠰᠢ ᠲᠥᠬᠦᠮ ᠶᠤᠮ》 ᠭᠡᠵᠡᠢ᠃
ᠲᠣᠰ ᠤᠳᠠᠭᠠᠨ ᠤ ᠵᠠᠰᠠᠭ ᠤᠨ ᠣᠷᠳᠣᠨ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ ᠨᠢ ᠮᠠᠨ ᠤ ᠠᠶᠢᠮᠠᠭ ᠤᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠨᠠᠶᠢᠳᠠᠪᠤᠷᠢᠵᠢᠭᠤᠯᠬᠤ᠂ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠠᠯ᠎ᠠ ᠪᠠᠷ ᠯᠠᠪᠳᠠᠭᠤᠨ ᠪᠠᠲᠤᠲᠠᠢ ᠨᠢᠭᠡ ᠠᠯᠬᠤᠮ ᠢ ᠠᠯᠬᠤᠭᠰᠠᠨ ᠢ ᠬᠠᠷᠠᠭᠤᠯᠵᠤ ᠪᠠᠶᠢᠨ᠎ᠠ᠃ ᠵᠠᠰᠠᠭ ᠤᠨ ᠣᠷᠳᠣᠨ ᠪᠠᠩᠬᠢ ᠠᠵᠤ ᠠᠬᠤᠶᠢᠯᠠᠯ ᠤᠨ ᠰᠣᠯᠢᠯᠴᠠᠭᠠᠨ ᠤ ᠲᠠᠪᠴᠠᠩ ᠢ ᠪᠠᠶᠢᠭᠤᠯᠬᠤ ᠪᠠᠷ ᠳᠠᠮᠵᠢᠭᠤᠯᠤᠨ᠂ ᠡᠯ᠎ᠡ ᠲᠠᠯ᠎ᠠ ᠶᠢᠨ ᠬᠢᠨ ᠨᠠᠩ ᠪᠦᠲᠦᠮᠵᠢᠲᠡᠶ ᠪᠠᠷ ᠨᠡᠪᠲᠡᠷᠡᠯᠴᠡᠨ ᠬᠠᠮᠲᠤᠷᠠᠯᠴᠠᠵᠤ᠂ ᠠᠷᠠᠳ ᠡᠴᠡ ᠡᠵᠡᠩᠨᠡᠭᠰᠡᠨ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠃