ᠵᠤᠬᠢᠶᠠᠭᠴᠢ:
ᠴᠠᠭ:2025-04-01
ᠥᠵᠡᠭᠰᠡᠨ : ℃
ᠢᠷᠡᠯᠲᠡ: ᠵᠠᠬᠢᠷᠭ᠎ᠠ ᠶᠢᠨ
ᠭᠦᠸᠧ ᠢᠦᠢ ᠹᠧᠩ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠢᠩᠬᠢᠮ ᠲᠣᠪᠴᠢᠶ᠎ᠠ ᠳᠤ ᠬᠦᠷᠴᠦ ᠠᠵᠢᠯ ᠵᠣᠯᠭᠠᠭᠤᠯᠪᠡ
2025 3 ᠰᠠᠷ᠎ᠠ ᠶᠢᠨ 24 ᠤ ᠡᠳᠦᠷ ᠠᠴᠠ 25 ᠤ ᠡᠳᠦᠷ ᠪᠣᠯᠲᠠᠯ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠠᠶᠢᠮᠠᠭ ᠤᠨ ᠳᠠᠷᠤᠭ᠎ᠠ ᠭᠦᠸᠧ ᠢᠦᠢ ᠹᠧᠩ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠡᠨᠧᠷᠭᠢ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ ᠬᠦᠷᠴᠦ᠂ ᠠᠵᠢᠯ ᠤᠨ ᠳᠡᠮᠵᠢᠯᠭᠡ ᠤᠯᠬᠤ᠂ ᠬᠤᠯᠪᠣᠭᠳᠠᠯ ᠪᠦᠬᠦᠢ ᠤᠴᠢᠷ ᠶᠠᠪᠤᠳᠠᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠲᠤᠬᠠᠢ ᠰᠠᠨᠠᠯ ᠢᠶᠠᠨ ᠰᠣᠯᠢᠯᠴᠠᠪᠠ᠃
ᠭᠦᠸᠧ ᠢᠦᠢ ᠹᠧᠩ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠢᠩᠬᠢᠮ ᠲᠣᠪᠴᠢᠶ᠎ᠠ ᠶᠢᠨ ᠤᠷᠳᠤ ᠬᠤᠭᠤᠴᠠᠭᠠᠨ ᠤ ᠲᠤᠷᠰᠢ ᠰᠢᠯᠢ ᠶᠢᠨ ᠭᠤᠣᠯ ᠠᠶᠢᠮᠠᠭ ᠲᠤ ᠬᠦᠴᠦᠲᠡᠢ ᠳᠡᠮᠵᠢᠯᠭᠡ ᠪᠠ ᠴᠢᠩ ᠰᠡᠳᠬᠢᠯ ᠤᠨ ᠬᠠᠪᠰᠤᠷᠤᠯᠭ᠎ᠠ ᠦᠵᠡᠭᠦᠯᠦᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠣᠳᠣᠬᠠᠨ ᠳᠤ ᠰᠢᠯᠢ ᠶᠢᠨ ᠭᠤᠣᠯ ᠠᠶᠢᠮᠠᠭ ᠶᠡᠷᠦᠩᠬᠡᠢ ᠱᠦᠵᠢ ᠰᠢ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ 《ᠨᠢᠭᠡ ᠭᠤᠣᠯ ᠰᠢᠵᠢᠮ ᠢ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠭᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ ᠳᠤ ᠤᠷᠤᠬᠤ》ᠲᠣᠭᠤᠷᠢᠨ ᠳᠤ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠠᠶᠢᠭᠠᠳ 《ᠵᠢᠷᠭᠤᠭᠠᠨ ᠢᠨᠵᠧᠨᠧᠷᠢᠩ》 ᠢ ᠬᠡᠷᠡᠭᠵᠢᠭᠦᠯᠵᠦ᠂ 《ᠵᠢᠷᠭᠤᠭᠠᠨ ᠠᠵᠢᠯᠯᠠᠭ᠎ᠠ》 ᠶᠢ ᠥᠷᠨᠢᠭᠦᠯᠦᠨ᠂ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠡᠭᠦᠰ ᠠᠮᠵᠢᠯᠲᠠ ᠲᠠᠢ ᠰᠡᠭᠦᠯ ᠬᠤᠷᠢᠶᠠᠬᠤ ᠶᠢ ᠴᠢᠷᠮᠠᠶᠢᠨ ᠪᠡᠶᠡᠯᠡᠭᠦᠯᠵᠦ᠂ 《ᠠᠷᠪᠠᠨ ᠲᠠᠪᠤᠳᠤᠭᠠᠷ ᠲᠠᠪᠤᠨ ᠵᠢᠯ》 ᠤᠨ ᠰᠠᠶᠢᠨ ᠰᠠᠶᠢᠬᠠᠨ ᠡᠬᠢᠯᠡᠯᠲᠡ ᠳᠤ ᠪᠠᠲᠤ ᠰᠠᠭᠤᠷᠢ ᠲᠠᠯᠪᠢᠵᠤ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠢᠩᠬᠢᠮ ᠲᠣᠪᠴᠢᠶ᠎ᠠ ᠰᠢᠯᠢ ᠶᠢᠨ ᠭᠤᠣᠯ ᠠᠶᠢᠮᠠᠭ ᠢ ᠥᠩᠭᠡᠷᠡᠭᠰᠡᠨ ᠲᠠᠢ ᠪᠠᠨ ᠠᠳᠠᠯᠢ ᠪᠠᠷ ᠬᠠᠯᠠᠮᠵᠢᠯᠠᠨ ᠠᠩᠬᠠᠷᠴᠤ᠂ ᠰᠢᠨ᠎ᠡ ᠡᠨᠧᠷᠭᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠴᠠᠬᠢᠯᠭᠠᠨ ᠢ ᠭᠠᠳᠠᠭᠰᠢ ᠬᠦᠷᠭᠡᠬᠦ ᠨᠡᠪᠳᠡᠷᠡᠯ ᠵᠠᠮ ᠤᠨ ᠪᠦᠲᠦᠭᠡᠨ ᠪᠠᠶᠢᠭᠤᠯᠤᠯᠲᠠ᠂ ᠪᠣᠬᠢᠷᠲᠤᠯ ᠦᠭᠡᠢ ᠣᠶᠤᠨᠲᠤ ᠪᠣᠳᠣᠯᠭ᠎ᠠ ᠶᠢᠨ ᠠᠵᠤ ᠦᠢᠯᠡᠰ ᠤᠨ ᠬᠥᠭᠵᠢᠯᠲᠡ᠂ ᠨᠡᠭᠦᠷᠡᠰᠦᠨ ᠤ ᠴᠢᠨᠠᠷ ᠰᠠᠶᠢᠲᠠᠢ ᠦᠢᠯᠡᠳᠪᠦᠷᠢᠯᠡᠯ ᠤᠨ ᠴᠢᠳᠠᠪᠤᠷᠢ ᠶᠢ ᠪᠠᠳᠠᠷᠠᠭᠤᠯᠬᠤ ᠶᠢ ᠠᠬᠢᠭᠤᠯᠬᠤ ᠵᠡᠷᠭᠡ ᠲᠠᠯ᠎ᠠ ᠪᠠᠷ ᠨᠡᠩ ᠤᠯᠠᠨ ᠳᠡᠮᠵᠢᠯᠭᠡ ᠪᠠ ᠵᠢᠯᠣᠭᠤᠳᠤᠯᠭ᠎ᠠ ᠦᠵᠡᠭᠦᠯᠵᠦ᠂ ᠨᠡᠩ ᠤᠯᠠᠨ ᠲᠦᠷᠦᠯ ᠵᠦᠢᠯ ᠢ ᠤᠯᠤᠰ ᠪᠣᠯᠣᠨ ᠥᠪᠡᠷᠲᠡᠭᠡᠨ ᠵᠠᠰᠠᠬᠤ ᠣᠷᠣᠨ ᠤ 《ᠠᠷᠪᠠᠨ ᠲᠠᠪᠤᠳᠤᠭᠠᠷ ᠲᠠᠪᠤᠨ ᠵᠢᠯ》 ᠤᠨ ᠲᠥᠯᠦᠪᠵᠢᠭᠦᠯᠭᠡ ᠵᠡᠷᠭᠡ ᠳᠤ ᠣᠷᠣᠭᠤᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ᠃ ᠰᠢᠯᠢ ᠶᠢᠨ ᠭᠤᠣᠯ ᠠᠶᠢᠮᠠᠭ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠡᠯ᠎ᠡ ᠵᠦᠢᠯ ᠤᠨ ᠠᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠯᠠᠪᠳᠠᠭᠤᠨ ᠪᠠᠲᠤᠲᠠᠢ ᠠᠬᠢᠭᠤᠯᠤᠨ᠎ᠠ ᠭᠡᠵᠠᠢ᠃
ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠢᠩᠬᠢᠮ ᠲᠣᠪᠴᠢᠶ᠎ᠠ ᠶᠢᠨ ᠬᠠᠷᠢᠭᠤᠴᠠᠯᠭᠠᠲᠠᠳ ᠰᠢᠯᠢ ᠶᠢᠨ ᠭᠤᠣᠯ ᠠᠶᠢᠮᠠᠭ ᠤᠨ ᠣᠶᠢᠷ᠎ᠠ ᠶᠢᠨ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠭᠦᠢᠴᠡᠳ ᠨᠤᠲᠠᠯᠠᠵᠤ᠂ ᠰᠢᠯᠢ ᠶᠢᠨ ᠭᠤᠣᠯ ᠠᠶᠢᠮᠠᠭ ᠤᠨ ᠳᠤᠷᠠᠳᠤᠭᠰᠠᠨ ᠠᠰᠠᠭᠤᠳᠠᠯ ᠳᠤ ᠢᠳᠡᠪᠬᠢᠲᠡᠢ ᠬᠠᠷᠢᠭᠤᠯᠲᠠ ᠥᠭᠴᠦ᠂ ᠰᠢᠯᠢ ᠶᠢᠨ ᠭᠤᠣᠯ ᠠᠶᠢᠮᠠᠭ ᠢ ᠢᠳᠡᠪᠬᠢᠲᠡᠢ ᠪᠠᠷ ᠵᠣᠬᠢᠴᠠᠭᠤᠯᠤᠨ ᠬᠠᠪᠰᠤᠷᠴᠤ ᠪᠠᠶᠢᠭᠠᠳ ᠭᠤᠣᠯᠳᠠᠯᠭ᠎ᠠ ᠲᠠᠢ ᠳᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠬᠠᠮᠲᠤ ᠭᠤᠣᠯᠳᠠᠯᠭ᠎ᠠ ᠲᠠᠢ ᠠᠵᠢᠯ ᠤᠨ ᠲᠠᠯ᠎ᠠ ᠪᠠᠷ ᠨᠡᠩ ᠤᠯᠠᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠ ᠠᠵᠢᠯ ᠤᠨ ᠳᠡᠮᠵᠢᠯᠭᠡ ᠦᠵᠡᠭᠦᠯᠵᠦ᠂ ᠰᠢᠯᠢ ᠶᠢᠨ ᠭᠤᠣᠯ ᠠᠶᠢᠮᠠᠭ ᠤᠨ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠠᠵᠤ ᠦᠢᠯᠡᠰ ᠤᠨ ᠳᠡᠰ ᠳᠠᠪᠬᠤᠷᠭ᠎ᠠ ᠶᠢ ᠳᠡᠭᠡᠭᠰᠢᠯᠡᠭᠦᠯᠬᠦ᠂ ᠠᠵᠤ ᠦᠢᠯᠡᠰ ᠤᠨ ᠰᠦᠷᠦᠭᠵᠢᠯ ᠢ ᠪᠦᠷᠢᠯᠳᠦᠭᠦᠯᠬᠦ ᠲᠠᠯ᠎ᠠ ᠪᠠᠷ ᠰᠢᠨ᠎ᠡ ᠠᠯᠬᠤᠮ ᠢ ᠠᠯᠬᠤᠬᠤ᠂ ᠰᠢᠨ᠎ᠡ ᠰᠢᠪᠲᠤᠯᠤᠯᠲᠠ ᠲᠠᠢ ᠪᠣᠯᠬᠤ ᠳᠤ ᠬᠦᠴᠦᠨ ᠨᠡᠮᠡᠷᠢᠯᠡᠨ᠎ᠡ ᠭᠡᠵᠦ ᠢᠯᠡᠷᠬᠡᠶᠢᠯᠡᠵᠠᠭᠡᠵᠡᠢ᠃