ᠵᠤᠬᠢᠶᠠᠭᠴᠢ:
ᠴᠠᠭ:2025-03-24
ᠥᠵᠡᠭᠰᠡᠨ : ℃
ᠢᠷᠡᠯᠲᠡ:
ᠵᠠᠩ ᠪᠠᠢ ᠴᠧᠩ ᠰᠥᠨᠢᠳ ᠪᠠᠷᠠᠭᠤᠨ ᠬᠤᠰᠢᠭᠤ᠂ ᠬᠥᠪᠡᠭᠡᠲᠦ ᠰᠢᠷ᠎ᠠ ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠰᠢᠯᠤᠭᠤᠨ ᠬᠥᠬᠡ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
2025 3 ᠰᠠᠷ᠎ᠠ ᠶᠢᠨ 17 ᠠᠴᠠ 18 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠰᠥᠨᠢᠳ ᠪᠠᠷᠠᠭᠤᠨ ᠬᠤᠰᠢᠭᠤ᠂ ᠬᠥᠪᠡᠭᠡᠲᠦ ᠰᠢᠷ᠎ᠠ ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠰᠢᠯᠤᠭᠤᠨ ᠬᠥᠬᠡ ᠬᠤᠰᠢᠭᠤᠨ ᠳᠤ ᠬᠦᠷᠴᠦ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠵᠠᠰᠠᠬᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃
ᠵᠠᠩ ᠪᠠᠢ ᠴᠧᠩ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠲᠤ ᠬᠦᠷᠴᠦ᠂ ᠡᠯᠡᠰᠦᠷᠭᠡᠭᠵᠢᠯ ᠢ ᠰᠡᠷᠭᠡᠶᠢᠯᠡᠠ ᠡᠯᠡᠰᠦ ᠶᠢ ᠵᠠᠰᠠᠬᠤ ᠲᠦᠷᠦᠯ ᠵᠦᠢᠯ ᠤᠨ ᠲᠥᠯᠦᠪᠵᠢᠭᠦᠯᠭᠡ᠂ ᠭᠤᠣᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠤᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠪᠠ ᠠᠶᠢᠮᠠᠭ ᠤᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢᠨ ᠲᠣᠭᠤᠷᠢᠨ ᠳᠤ ᠣᠨ ᠤ ᠭᠤᠣᠯᠳᠠᠯᠭ᠎ᠠ ᠲᠠᠢ ᠡᠭᠦᠷᠭᠡ ᠪᠠᠨ ᠨᠠᠷᠢᠨ ᠬᠢᠨᠠᠮᠠᠭᠠᠢ ᠰᠤᠳᠤᠯᠤᠨ ᠲᠦᠯᠦᠪᠵᠢᠬᠦᠯᠵᠦ᠂ ᠡᠨᠡ ᠵᠢᠯ ᠤᠨ ᠮᠠᠨ ᠤ ᠠᠶᠢᠮᠠᠭ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ᠂ ᠨᠢᠭᠡ ᠴᠣᠭᠴᠠᠵᠢᠭᠤᠯᠬᠤ ᠢᠨᠵᠧᠨᠧᠷᠢᠩ ᠪᠠ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠲᠥᠷᠥᠯ ᠵᠦᠢᠯ ᠤᠨ ᠪᠡᠯᠡ ᠮᠥᠩᠭᠦ ᠶᠢᠨ ᠢᠷᠡᠯᠲᠡ᠂ ᠡᠳ᠋ ᠮᠠᠲ᠋ᠧᠷᠢᠶᠠᠯ ᠤᠨ ᠪᠡᠯᠡᠳᠬᠡᠯ᠂ ᠭᠠᠵᠠᠷ ᠰᠢᠷᠣᠢ ᠶᠢᠨ ᠨᠠᠶᠢᠳᠠᠪᠤᠷᠢᠵᠢᠭᠤᠯᠤᠯᠲᠠ᠂ ᠠᠵᠢᠯ ᠤᠨ ᠵᠢᠷᠤᠭ ᠲᠥᠯᠥᠪᠯᠡᠭᠡ ᠵᠡᠷᠭᠡ ᠠᠵᠢᠯ ᠢ ᠦᠨᠡᠨ ᠬᠦ ᠨᠠᠷᠢᠨ ᠪᠣᠳᠠᠲᠠᠢ ᠨᠠᠶᠢᠳᠠᠪᠤᠷᠢᠵᠢᠭᠤᠯᠬᠤ ᠬᠡᠷᠡᠭᠲᠡᠢ᠃ 《ᠡᠯᠡᠰᠦ ᠶᠢ ᠤᠰᠠᠳᠬᠠᠬᠤ》 ᠠᠵᠢᠯᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠥᠷᠨᠢᠭᠦᠯᠦᠨ᠂ ᠪᠠᠷᠢᠯᠭ᠎ᠠ ᠶᠢᠨ ᠬᠤᠭᠤᠴᠠᠭᠠᠨ ᠤ ᠲᠥᠯᠥᠪᠯᠡᠭᠡ ᠶᠢ ᠡᠷᠴᠢᠮᠳᠠᠢ ᠪᠠᠶᠢᠷᠢᠯᠠᠭᠤᠯᠵᠤ᠂ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠡᠭᠦᠳᠡᠯ ᠡᠯᠡᠰᠦᠷᠬᠡᠭ ᠭᠠᠵᠠᠷ ᠤᠨ ᠰᠥᠨᠥᠭᠡᠯᠲᠠ ᠶᠢᠨ ᠡᠭᠦᠷᠭᠡ ᠶᠢ ᠰᠠᠶᠢᠲᠤᠷ ᠪᠡᠶᠡᠯᠡᠭᠦᠯᠬᠦ ᠬᠡᠷᠡᠭᠲᠡᠢ᠃ ᠤᠷᠮᠠᠰᠢᠭᠤᠯᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠬᠦᠷᠢᠶ᠎ᠡ ᠬᠡᠪᠴᠢᠶ᠎ᠡ ᠶᠢ ᠥᠷᠭᠡᠳᠬᠡᠨ᠂ ᠮᠠᠯᠴᠢᠨ ᠢ ᠬᠥᠲᠥᠯᠥᠨ ᠵᠢᠯᠤᠭᠤᠳᠴᠤ ᠪᠠᠶᠢᠭᠠᠳ ᠡᠯᠡᠰᠦᠷᠭᠡᠭᠵᠢᠯ ᠢ ᠰᠡᠷᠭᠡᠶᠢᠯᠡᠠ ᠡᠯᠡᠰᠦ ᠶᠢ ᠵᠠᠰᠠᠬᠤ ᠳᠤ ᠣᠷᠣᠯᠴᠠᠭᠤᠯᠵᠤ᠂ ᠡᠯᠡᠰᠦ ᠶᠢ ᠵᠠᠰᠠᠬᠤ ᠪᠠ ᠣᠷᠣᠯᠭ᠎ᠠ ᠪᠠᠨ ᠨᠡᠮᠡᠭᠳᠡᠭᠦᠯᠬᠦ ᠲᠠᠯ᠎ᠠ ᠪᠠᠷ ᠬᠤᠣᠰ ᠠᠮᠵᠢᠯᠲᠠ ᠣᠯᠬᠤ ᠶᠢ ᠪᠡᠶᠡᠯᠡᠭᠦᠯᠬᠦ ᠬᠡᠷᠡᠭᠲᠡᠢ᠃ ᠡᠯᠡᠰᠦ ᠶᠢ ᠵᠠᠰᠠᠬᠤ ᠣᠷᠣᠨ ᠪᠦᠰᠡ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠦᠷᠭᠦᠯᠵᠢᠯᠡᠨ ᠴᠢᠩᠭᠠᠳᠬᠠᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠤᠭᠠᠵᠦ ᠪᠡᠯᠴᠢᠭᠡᠷ ᠰᠡᠷᠭᠦᠬᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠪᠢᠲᠡᠭᠦᠮᠵᠢᠯᠡᠨ ᠬᠦᠷᠢᠶᠡᠯᠡᠵᠦ ᠪᠤᠶᠢᠵᠢᠭᠤᠯᠬᠤ ᠵᠡᠷᠭᠡ ᠠᠷᠭ᠎ᠠ ᠬᠡᠯᠪᠡᠷᠢ ᠶᠢ ᠭᠤᠣᠯᠳᠠᠯᠭ᠎ᠠ ᠲᠠᠢ ᠬᠡᠷᠡᠭᠯᠡᠨ ᠠᠶᠠᠨᠳᠠᠭᠠᠨ ᠤ ᠰᠡᠷᠭᠦᠭᠡᠯᠲᠠ ᠶᠢ ᠪᠡᠶᠡᠯᠡᠬᠦᠯᠵᠦ᠂ ᠡᠯᠡᠰᠦᠷᠭᠡᠭᠵᠢᠯ ᠢ ᠰᠡᠷᠭᠡᠶᠢᠯᠡᠠ ᠡᠯᠡᠰᠦ ᠶᠢ ᠵᠠᠰᠠᠭᠰᠠᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ ᠭᠡᠵᠠᠢ᠃
ᠵᠠᠩ ᠪᠠᠢ ᠴᠧᠩ ᠬᠡᠰᠡᠭ ᠰᠤᠮᠤ᠂ ᠭᠠᠴᠠᠭ᠎ᠠ ᠶᠢᠨ ᠨᠠᠮ ᠤᠨ ᠭᠡᠰᠢᠭᠦᠨ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠭᠦᠨᠵᠡᠭᠡᠶᠢᠷᠡᠨ᠂ ᠰᠤᠮᠤ ᠰᠢᠶᠠᠩ ᠪᠠᠯᠭᠠᠰᠤ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠨᠠᠷᠢᠨ ᠲᠠᠩᠰᠠ ᠶᠢ ᠠᠬᠢᠭᠤᠯᠵᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃ ᠵᠠᠩ ᠪᠠᠢ ᠴᠧᠩ ᠵᠢᠭᠠᠬᠤ ᠳᠠᠭᠠᠨ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠥᠪ ᠤᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠯᠭ᠎ᠠ ᠬᠥᠮᠦᠵᠢᠯ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠥᠷᠨᠢᠭᠦᠯᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠬᠦᠯᠬᠦ᠂ ᠦᠨᠳᠦᠰᠦᠨ ᠱᠠᠲᠤᠨ ᠤ ᠵᠠᠰᠠᠯᠲᠠ ᠶᠢᠨ ᠲᠣᠪᠤᠶᠢᠮ᠎ᠠ ᠠᠰᠠᠭᠤᠳᠠᠯ ᠢ ᠰᠶᠢᠳᠪᠦᠷᠢᠯᠡᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠭᠤᠷᠪᠠᠨ ᠵᠦᠢᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ 《ᠳᠠᠷᠤᠭᠠᠰᠤ ᠶᠢ ᠬᠥᠩᠭᠡᠷᠡᠭᠦᠯᠬᠦ᠂ ᠬᠦᠴᠦᠨ ᠨᠡᠮᠡᠷᠢᠯᠡᠬᠦ᠂ ᠬᠦᠴᠢᠷᠳᠡᠯ ᠢ ᠰᠶᠢᠳᠪᠦᠷᠢᠯᠡᠬᠦ᠂ ᠠᠬᠢᠭᠤᠯᠬᠤ》 ᠵᠡᠷᠭᠡ ᠡᠭᠦᠷᠭᠡ ᠶᠢ ᠨᠢᠭᠡ ᠴᠣᠭᠴᠠᠵᠢᠭᠤᠯᠤᠨ ᠰᠠᠶᠢᠲᠤᠷ ᠠᠳᠬᠤᠵᠤ᠂ ᠦᠨᠳᠦᠰᠦᠨ ᠱᠠᠲᠤᠨ ᠤ ᠵᠠᠰᠠᠯᠲᠠ ᠶᠢᠨ ᠦᠢᠯᠡᠳᠦᠯ ᠴᠢᠳᠠᠪᠬᠢ ᠪᠣᠯᠣᠨ ᠤᠯᠠᠨ ᠲᠦᠮᠡᠨ ᠳᠤ ᠦᠢᠯᠡᠴᠢᠯᠡᠬᠦ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ ᠭᠡᠵᠠᠢ᠃