ᠵᠤᠬᠢᠶᠠᠭᠴᠢ:
ᠴᠠᠭ:2025-04-22
ᠥᠵᠡᠭᠰᠡᠨ : ℃
ᠢᠷᠡᠯᠲᠡ: ᠵᠠᠬᠢᠷᠭ᠎ᠠ ᠶᠢᠨ
ᠰᠢᠯᠢ ᠶᠢᠨ ᠭᠤᠣᠯ ᠠᠶᠢᠮᠠᠭ ᠤᠨ 2025 ᠣᠨ ᠤ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠠ ᠶᠢᠨ ᠲᠠᠶᠢᠯᠠᠯᠳᠤᠭᠠᠨ ᠪᠥᠬᠦ ᠲᠠᠯ᠎ᠠ ᠪᠠᠷ ᠡᠬᠢᠯᠡᠪᠡ
ᠰᠢᠯᠢ ᠶᠢᠨ ᠭᠤᠣᠯ ᠠᠶᠢᠮᠠᠭ ᠤᠨ 2025 ᠣᠨ ᠤ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠠ ᠶᠢᠨ ᠲᠠᠶᠢᠯᠠᠯᠳᠤᠭᠠᠨ ᠪᠥᠬᠦ ᠲᠠᠯ᠎ᠠ ᠪᠠᠷ ᠡᠬᠢᠯᠡᠪᠡ
ᠣᠷᠴᠢᠮ ᠰᠢᠯᠢ ᠶᠢᠨ ᠭᠤᠣᠯ ᠠᠶᠢᠮᠠᠭ ᠤᠨ 2025 ᠣᠨ ᠤ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠠ ᠶᠢᠨ ᠲᠠᠶᠢᠯᠠᠯᠳᠤᠭᠠᠨ ᠰᠢᠯᠢ ᠶᠢᠨ ᠬᠤᠲᠠ ᠶᠢᠨ ᠪᠠᠶᠠᠠᠬᠦ᠋ᠷᠢᠶᠠ ᠮᠠᠯᠵᠢᠯ ᠤᠨ ᠲᠠᠯᠠᠪᠠᠢ ᠶᠢᠨ ᠰᠠᠭᠦᠰᠤᠲᠠᠢ ᠬᠤᠪᠢᠶᠠᠷᠢ ᠲᠠᠯᠠᠪᠠᠢ ᠳᠤ ᠡᠬᠢᠯᠡᠵᠦ᠂ ᠰᠢᠨ᠎ᠡ ᠨᠢᠭᠡ ᠡᠭᠡᠯᠵᠢ ᠶᠢᠨ ᠡᠯᠡᠰᠦᠷᠭᠡᠭᠵᠢᠯ ᠢ ᠰᠡᠷᠭᠡᠶᠢᠯᠡᠠ ᠡᠯᠡᠰᠦ ᠶᠢ ᠵᠠᠰᠠᠬᠤ ᠳᠠᠶᠢᠯᠠᠯᠳᠤᠭᠠᠨ ᠪᠦᠬᠦ ᠲᠠᠯ᠎ᠠ ᠪᠠᠷ ᠦᠷᠨᠢᠭᠰᠡᠨ ᠪᠠᠶᠢᠨ᠎ᠠ᠃ ᠡᠨᠡ ᠵᠢᠯ ᠮᠠᠨ ᠤ ᠠᠶᠢᠮᠠᠭ 19.05 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 566 ᠲᠦᠮᠡᠨ ᠮᠦ ᠶᠢᠨ ᠡᠯᠡᠰᠦᠷᠬᠡᠭ ᠭᠠᠵᠠᠷ ᠢ ᠵᠠᠰᠠᠬᠤ ᠪᠠᠷ ᠲᠥᠯᠥᠪᠯᠡᠪᠡ᠃
ᠲᠤᠬᠠᠢ ᠶᠢᠨ ᠲᠠᠯᠠᠪᠠᠢ ᠳᠤ᠂ ᠵᠤᠯᠵᠠᠭ᠎ᠠ ᠮᠣᠳᠣ ᠶᠢ ᠳᠡᠭᠦᠵᠢᠯᠡᠨ ᠵᠥᠭᠡᠭᠡᠪᠦᠷᠢᠯᠡᠬᠦ ᠵᠢᠯᠣᠭᠤᠴᠢ ᠦᠭᠡᠢ ᠨᠢᠰᠬᠡᠯ᠂ ᠡᠯ᠎ᠡ ᠲᠦᠷᠦᠯ ᠤᠨ ᠡᠯᠡᠰᠦ ᠶᠢ ᠵᠠᠰᠠᠬᠤ ᠰᠢᠨ᠎ᠡ ᠮᠠᠶ᠋ᠢᠭ ᠤᠨ ᠮᠠᠰᠢᠨ ᠲᠦᠬᠦᠭᠡᠷᠦᠮᠵᠢ ᠶᠠᠭᠠᠷᠠᠯᠲᠠᠢ ᠠᠵᠢᠯᠯᠠᠵᠦ᠂ 550 ᠭᠠᠷᠤᠢ ᠨᠠᠮ ᠤᠨ ᠭᠡᠰᠢᠭᠦᠨ ᠺᠠᠳ᠋ᠷ ᠠᠵᠢᠯᠲᠠᠨ᠂ ᠮᠠᠯᠴᠢᠨ ᠲᠦᠮᠡᠨ᠂ ᠡᠷᠦᠭᠡ ᠶᠢᠨ ᠴᠡᠷᠢᠭ᠂ ᠰᠠᠶᠢᠨ ᠳᠤᠷᠠᠴᠦᠦᠯ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠡᠷᠴᠢ ᠵᠣᠷᠢᠭ ᠢᠶᠠᠨ ᠬᠦᠪᠴᠢᠯᠡᠨ᠂ ᠮᠡᠷᠭᠡᠵᠢᠯ ᠤᠨ ᠠᠵᠢᠯᠲᠠᠨ ᠤ ᠵᠢᠯᠣᠭᠤᠳᠤᠯᠭ᠎ᠠ ᠳᠣᠣᠷ᠎ᠠ᠂ ᠱᠤᠭᠤᠮ ᠵᠢᠷᠤᠵᠤ᠂ ᠨᠦᠬᠡ ᠮᠠᠯᠲᠠᠠ᠂ ᠵᠤᠯᠵᠠᠭ᠎ᠠ ᠮᠤᠳᠦ ᠰᠠᠭᠤᠯᠭᠠᠨ᠎ᠠ᠃
《ᠣᠳᠣᠬᠠᠨ ᠳᠤ ᠶᠠᠭ ᠰᠠᠶᠢᠬᠠᠨ ᠰᠢᠷ᠎ᠠ ᠪᠤᠷᠭᠠᠰᠤ ᠪᠠᠷ 4 ᠮᠧᠲᠷ × 4 ᠮᠧᠲᠷ ᠤᠨ ᠡᠯᠡᠰᠦᠨ ᠬᠠᠯᠬᠠᠪᠴᠢ ᠪᠣᠰᠬᠠᠵᠤ ᠪᠠᠶᠢᠨ᠎ᠠ᠂ ᠰᠢᠷ᠎ᠠ ᠪᠤᠷᠭᠠᠰᠤ ᠪᠣᠯ ᠰᠠᠯᠬᠢ ᠶᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ ᠮᠣᠳᠣᠨ ᠤ ᠲᠥᠷᠥᠯ ᠪᠠᠶᠢᠵᠦ᠂ ᠳᠠᠷᠢᠵᠤ ᠤᠷᠭᠤᠭᠤᠯᠤᠭᠰᠠᠨ ᠤ ᠳᠠᠷᠠᠭᠠᠬᠢ 3 ᠵᠢᠯ ᠤᠨ ᠳᠣᠲᠣᠷ᠎ᠠ ᠡᠯᠡᠰᠦ ᠶᠢ ᠲᠣᠭᠲᠠᠪᠤᠷᠢᠵᠢᠭᠤᠯᠤᠨ ᠨᠣᠭᠤᠭᠠᠷᠠᠭᠤᠯᠤᠯᠲᠠ ᠶᠢ ᠰᠡᠷᠭᠦᠬᠡᠬᠦ ᠬᠠᠷᠠᠯᠲᠠ ᠳᠠᠭᠠᠨ ᠬᠦᠷᠴᠦ ᠲᠡᠶᠢᠯᠳᠡᠭ᠃》ᠰᠢᠯᠢ ᠶᠢᠨ ᠬᠤᠲᠠ ᠶᠢᠨ ᠨᠤᠲᠤᠭ ᠪᠡᠯᠴᠢᠭᠡᠷ ᠤᠨ ᠠᠵᠢᠯᠯᠠᠬᠤ ᠥᠷᠲᠡᠭᠡᠨ ᠤ ᠳᠠᠷᠤᠭ᠎ᠠ ᠰᠠᠴᠤᠷᠠ ᠲᠠᠨᠢᠯᠴᠠᠭᠤᠯᠬᠤ ᠳᠠᠭᠠᠨ᠄ 《ᠡᠨᠡ ᠵᠢᠯ ᠰᠢᠯᠢ ᠶᠢᠨ ᠬᠤᠲᠠ︿ᠤᠮᠠᠷᠠᠲᠤ ᠶᠢᠨ ᠭᠤᠷᠪᠠᠨ ᠣᠷᠣᠨ﹀ ᠤ ᠢᠨᠵᠧᠨᠧᠷᠢᠩ ᠤᠢ ᠰᠢᠭᠤᠢ ᠨᠤᠳᠤᠭ ᠪᠡᠯᠴᠢᠭᠡᠷ ᠨᠤᠭᠤ ᠭᠠᠵᠠᠷ ᠴᠦᠯᠯᠡᠷᠭᠡᠭᠵᠢᠯ ᠢ ᠬᠠᠮᠠᠭᠠᠯᠠᠵᠤ ᠵᠠᠰᠠᠨ ᠰᠡᠷᠭᠦᠭᠡᠭᠦ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠤ᠂ ᠡᠯᠡᠰᠦᠷᠭᠡᠭᠵᠢᠯ ᠢ ᠰᠡᠷᠭᠡᠶᠢᠯᠡᠠ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠤᠨ ᠲᠦᠷᠦᠯ ᠵᠦᠢᠯ ᠢ ᠭᠦᠨᠵᠡᠭᠡᠢ ᠬᠡᠷᠡᠭᠵᠢᠭᠦᠯᠵᠦ᠂ ᠣᠨ ᠤ ᠵᠠᠰᠠᠯᠲᠠ ᠶᠢᠨ ᠡᠭᠦᠷᠭᠡ ᠶᠢ 38.5 ᠲᠦᠮᠡᠨ ᠮᠦ ᠪᠡᠶᠡᠯᠡᠭᠦᠯᠬᠦ ᠪᠠᠷ ᠪᠠᠶᠢᠨ᠎ᠠ》ᠭᠡᠵᠠᠢ᠃
ᠲᠦᠷᠦᠯ ᠵᠦᠢᠯ ᠤᠨ ᠵᠠᠰᠠᠯᠲᠠ ᠶᠢᠨ ᠣᠷᠣᠨ ᠳᠤ᠂ 60 ᠭᠠᠷᠤᠢ ᠲᠤᠰᠬᠠᠢ ᠬᠤᠷᠰᠢᠶ᠎ᠠ ᠶᠢᠨ ᠲᠥ᠋ᠯᠥᠭᠡᠯᠡᠭᠴᠢ ᠮᠠᠯᠴᠢᠳ ᠲᠠᠢ ᠳᠤᠭᠤᠶᠢᠯᠠᠩ ᠬᠤᠪᠢᠶᠠᠨ ᠬᠠᠮᠵᠢᠯᠴᠠᠨ ᠠᠵᠢᠯᠯᠠᠵᠠᠭᠠᠨ᠎ᠠ᠃《ᠣᠯᠠᠨ ᠵᠢᠯ ᠤᠨ ᠵᠠᠰᠠᠯᠲᠠ ᠪᠠᠷ ᠳᠡᠮᠵᠢᠭᠠᠳ᠂ ᠢᠯᠠᠩᠭᠤᠶ᠎ᠠ ᠨᠢᠳᠤᠨᠤᠨ ᠠᠴᠠ ᠨᠠᠭᠠᠰᠢ ᠡᠯ᠎ᠡ ᠵᠦᠢᠯ ᠤᠨ ᠠᠮᠢ ᠠᠬᠤᠢ ᠶᠢᠨ ᠵᠠᠰᠠᠯᠲᠠ ᠶᠢᠨ ᠲᠥᠷᠥᠯ ᠵᠦᠢᠯ ᠢ ᠬᠡᠷᠡᠭᠵᠢᠭᠦᠯᠦᠭᠰᠡᠨ ᠢᠶᠠᠷ ᠭᠠᠴᠠᠭᠠᠨ ᠤ 8 ᠲᠦᠮᠡ ᠭᠠᠷᠤᠢ ᠮᠦ ᠡᠯᠡᠰᠦᠷᠬᠡᠭ ᠭᠠᠵᠠᠷ ᠤᠨ ᠵᠠᠰᠠᠯᠲᠠ ᠢᠯᠡᠳᠲᠡ ᠦᠷ᠎ᠠ ᠪᠦᠲᠦᠮᠵᠢ ᠤᠯᠵᠦ᠂ ᠠᠮᠢ ᠠᠬᠤᠢ ᠣᠷᠴᠢᠨ ᠲᠤᠭᠤᠷᠢᠨ ᠰᠠᠶᠢᠵᠢᠷᠠᠭᠰᠠᠨ ᠢᠶᠠᠷ ᠪᠠᠷᠠᠬᠤ ᠦᠬᠡᠢ ᠪᠢᠳᠡᠨ ᠤ ᠣᠷᠣᠯᠭ᠎ᠠ ᠴᠤ ᠨᠡᠮᠡᠭᠳᠡᠵᠡᠢ᠂ ᠨᠢᠳᠤᠨᠤᠨ ᠬᠤᠷᠰᠢᠶᠠᠨ ᠦ 30 ᠭᠠᠷᠤᠢ ᠭᠡᠰᠢᠭᠦᠨ︿ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ﹀ ᠪᠠᠷ ᠳᠡᠮᠵᠢᠨ ᠡᠯᠡᠰᠦᠷᠬᠡᠭ ᠭᠠᠵᠠᠷ ᠤᠨ ᠵᠠᠰᠠᠯᠲᠠ ᠳᠤ ᠣᠷᠣᠯᠴᠠᠵᠤ᠂ ᠬᠥᠮᠥᠨ ᠪᠦᠷᠢ ᠶᠢᠨ ᠳᠤᠮᠳᠠᠴᠢ ᠣᠷᠣᠯᠭ᠎ᠠ ᠪᠠᠨ 1.2 ᠲᠦᠮᠡᠨ ᠲᠥᠭᠦᠷᠢᠭ ᠨᠡᠮᠡᠭᠳᠡᠬᠦᠯᠪᠡ᠃ ᠡᠯᠡᠰᠦᠷᠬᠡᠭ ᠭᠠᠵᠠᠷ ᠢ ᠵᠠᠰᠠᠬᠤ᠂ ᠲᠠᠯ᠎ᠠ ᠨᠤᠲᠤᠭ ᠤᠨ ᠠᠮᠢ ᠠᠬᠤᠢ ᠶᠢ ᠬᠠᠮᠠᠭᠠᠯᠠᠬᠤ ᠪᠣᠯ ᠮᠠᠯᠴᠢᠳ ᠤᠨ ᠵᠠᠶᠢᠯᠠᠭᠤᠯᠵᠤ ᠪᠣᠯᠣᠰᠢ ᠦᠭᠡᠢ ᠬᠠᠷᠢᠭᠤᠴᠠᠯᠭ᠎ᠠ ᠮᠥᠨ᠂ ᠪᠢᠳᠡ ᠥᠩᠭᠡᠷᠡᠭᠰᠡᠨ ᠲᠠᠢ ᠪᠠᠨ ᠠᠳᠠᠯᠢ ᠪᠠᠷ ᠡᠯᠡᠰᠦ ᠶᠢ ᠵᠠᠰᠠᠬᠤ ᠲᠦᠷᠦᠯ ᠵᠦᠢᠯ ᠤᠨ ᠵᠠᠰᠠᠯᠲᠠ ᠳᠤ ᠣᠷᠣᠯᠴᠠᠵᠤ᠂ ᠡᠯᠡᠰᠦᠷᠬᠡᠭ ᠭᠠᠵᠠᠷ ᠢ ᠨᠣᠭᠤᠭᠠᠨ ᠪᠦᠷᠢᠳᠦ ᠪᠣᠯᠭᠠᠬᠤ ᠪᠠᠷ ᠴᠢᠷᠮᠠᠶᠢᠨ ᠠᠵᠢᠯᠯᠠᠨ᠎ᠠ》ᠭᠡᠵᠦ ᠪᠠᠶᠠᠠᠬᠦ᠋ᠷᠢᠶᠠ ᠮᠠᠯᠵᠢᠯ ᠤᠨ ᠲᠠᠯᠠᠪᠠᠢ ᠶᠢᠨ ᠪᠠᠶ᠋ᠬᠠᠠᠭᠤᠯᠠ ᠬᠤᠪᠢᠶᠠᠷᠢ ᠲᠠᠯᠠᠪᠠᠢ ᠶᠢᠨ ᠶᠠᠩ ᠬᠠᠢ ᠱᠧᠩ ᠣᠶᠢᠵᠢᠭᠤᠯᠤᠯᠲᠠ ᠶᠢᠨ ᠬᠤᠷᠰᠢᠶᠠᠨ ᠦ ᠬᠠᠷᠢᠭᠤᠴᠠᠯᠭᠠᠲᠠᠨ ᠸᠧᠢ ᠶᠦᠩ ᠯᠢᠶᠠᠩ ᠶᠠᠷᠢᠯ᠎ᠠ᠃
ᠨᠢᠳᠤᠨᠤᠨ᠂ ᠮᠠᠨ ᠤ ᠠᠶᠢᠮᠠᠭ ᠡᠯᠡᠰᠦᠷᠭᠡᠭᠵᠢᠯ ᠢ ᠰᠡᠷᠭᠡᠶᠢᠯᠡᠠ ᠡᠯᠡᠰᠦ ᠶᠢ ᠵᠠᠰᠠᠬᠤ ᠠᠵᠢᠯ ᠢ ᠪᠥᠬᠦ ᠠᠶᠢᠮᠠᠭ ᠤᠨ 《ᠲᠡᠷᠢᠭᠦᠨ ᠢᠨᠵᠧᠨᠧᠷᠢᠩ》ᠪᠠ《ᠨᠢᠭᠡᠳᠦᠭᠡᠷ ᠭᠠᠷ ᠤᠨ ᠢᠨᠵᠧᠨᠧᠷᠢᠩ》ᠪᠣᠯᠭᠠᠵᠤ᠂ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠠ ᠶᠢᠨ ᠲᠠᠶᠢᠯᠠᠯᠳᠤᠭᠠᠨ ᠢ ᠪᠥᠬᠦ ᠬᠦᠴᠦᠨ ᠢᠶᠠᠷ ᠠᠬᠢᠭᠤᠯᠵᠤ᠂ 378.55 ᠲᠦᠮᠡᠨ ᠮᠦ ᠡᠯᠡᠰᠦᠷᠬᠡᠭ ᠭᠠᠵᠠᠷ ᠢ ᠵᠠᠰᠠᠵᠤ᠂ ᠥᠪᠡᠷᠲᠡᠭᠡᠨ ᠵᠠᠰᠠᠬᠤ ᠣᠷᠣᠨ ᠤ ᠪᠠᠭᠤᠯᠭᠠᠭᠰᠠᠨ ᠡᠭᠦᠷᠭᠡ ᠶᠢ 106.9% ᠪᠠᠷ ᠪᠡᠶᠡᠯᠡᠭᠦᠯᠵᠡᠢ᠃《ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ》ᠵᠡᠷᠭᠡ ᠵᠠᠭᠪᠤᠷ ᠢᠶᠠᠷ ᠳᠡᠮᠵᠢᠨ᠂ ᠨᠡᠶᠢᠲᠡ 137 ᠮᠠᠯᠴᠢᠨ ᠲᠠᠷᠢᠶᠠᠴᠢᠨ ᠤ ᠬᠤᠷᠰᠢᠭᠰᠠᠨ ᠵᠣᠬᠢᠶᠠᠨ ᠪᠠᠶᠢᠭᠤᠯᠤᠯᠲᠠ ᠶᠢᠨ 6000 ᠭᠠᠷᠤᠢ ᠮᠠᠯᠴᠢᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠵᠤ᠂ ᠬᠥᠮᠥᠨ ᠪᠦᠷᠢ ᠶᠢᠨ ᠳᠤᠮᠳᠠᠴᠢ ᠣᠷᠣᠯᠭ᠎ᠠ ᠪᠠᠨ 1.2 ᠲᠦᠮᠡᠨ ᠲᠥᠭᠦᠷᠢᠭ ᠨᠡᠮᠡᠭᠳᠡᠬᠦᠯᠵᠠᠢ᠃
ᠡᠨᠡ ᠵᠢᠯ᠂ ᠮᠠᠨ ᠤ ᠠᠶᠢᠮᠠᠭ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠢᠶᠠᠨ ᠭᠦᠢᠴᠡᠳ ᠪᠠᠳᠠᠷᠠᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠦᠪᠡᠭᠴᠢᠯᠡᠨ ᠦᠢᠯᠡᠳᠦᠯᠭᠡᠵᠢᠭᠦᠯᠵᠦ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠠ ᠶᠢᠨ ᠲᠠᠶᠢᠯᠠᠯᠳᠤᠭᠠᠨ ᠤ ᠲᠥᠷᠥᠯ ᠵᠦᠢᠯ ᠤᠨ ᠢᠨᠵᠧᠨᠧᠷᠢᠩ ᠢ ᠴᠢᠨᠠᠷ ᠰᠠᠶᠢᠲᠠᠢ ᠠᠬᠢᠭᠤᠯᠤᠨ᠎ᠠ᠃《ᠢᠨᠵᠧᠨᠧᠷᠢᠩ ᠤᠨ ᠲᠥᠯᠦᠪᠵᠢᠭᠦᠯᠭᠡ ᠪᠣᠯᠣᠨ ᠬᠡᠷᠡᠭᠵᠢᠭᠦᠯᠬᠦ ᠶᠠᠪᠤᠴᠠ ᠳᠤ᠂ ᠪᠢᠳᠡ ᠰᠢᠨᠵᠢᠯᠡᠬᠦ ᠤᠬᠠᠭᠠᠨ ᠮᠡᠷᠭᠡᠵᠢᠯ ᠢᠶᠠᠷ ᠡᠯᠡᠰᠦ ᠶᠢ ᠵᠠᠰᠠᠬᠤ ᠶᠢ ᠪᠦᠬᠦ ᠶᠠᠪᠤᠴᠠ ᠳᠤ ᠂ ᠪᠠᠶᠢᠷᠢᠰᠢᠭᠤᠯᠤᠯᠲᠠ ᠶᠢᠨ ᠲᠠᠯ᠎ᠠ ᠪᠠᠷ ᠡᠯᠡᠰᠦᠷᠭᠡᠭᠵᠢᠭᠰᠡᠨ ᠭᠠᠵᠠᠷ ᠰᠢᠷᠣᠢ ᠶᠢᠨ ᠪᠠᠶᠢᠳᠠᠯ ᠢ ᠦᠨᠳᠦᠰᠦᠯᠡᠵᠦ᠂︿ᠲᠠᠪᠤᠨ ᠣᠷᠣᠨ ᠬᠤᠶᠠᠷ ᠪᠦᠰᠡ ᠤᠯᠠᠨ ᠴᠡᠭ﹀ ᠶᠡᠷᠦᠩᠬᠡᠢ ᠪᠠᠶᠢᠷᠢᠰᠢᠭᠤᠯᠤᠯᠲᠠ ᠶᠣᠰᠣᠭᠠᠷ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠪᠡ︔ ᠮᠡᠷᠭᠡᠵᠢᠯ ᠤᠨ ᠲᠠᠯ᠎ᠠ ᠪᠠᠷ᠂ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠲᠤᠬᠠᠢ ᠶᠢᠨ ᠭᠠᠵᠠᠷ ᠤᠨ ᠤᠰᠤᠨ ᠤ ᠡᠬᠢ ᠪᠠᠶᠠᠯᠢᠭ ᠤᠨ ᠳᠠᠭᠠᠭᠠᠴᠠ ᠶᠢᠨ ᠴᠢᠳᠠᠪᠤᠷᠢ ᠶᠢ ᠦᠨᠡᠯᠡᠨ ᠵᠢᠱᠢᠬᠦ ᠪᠠᠷ ᠳᠠᠮᠵᠢᠭᠤᠯᠤᠨ᠂ ᠪᠣᠳᠠᠲᠤ ᠪᠠᠶᠢᠳᠠᠯ ᠢᠶᠠᠨ ᠦᠨᠳᠦᠰᠦᠯᠡᠨ ᠢᠨᠵᠧᠨᠧᠷᠢᠩ ᠤᠨ ᠠᠷᠭ᠎ᠠ ᠪᠠᠷᠢᠯ ᠢᠶᠠᠷ ᠡᠯᠡᠰᠦ ᠶᠢ ᠲᠣᠭᠲᠠᠪᠤᠷᠢᠵᠢᠭᠤᠯᠬᠤ᠂ ᠪᠤᠲᠠ ᠮᠤᠳᠦ ᠲᠠᠷᠢᠬᠤ᠂ ᠬᠦᠷᠢᠶᠡᠯᠡᠨ ᠪᠢᠲᠡᠭᠦᠮᠵᠢᠯᠡᠵᠦ ᠤᠶᠢᠵᠢᠭᠤᠯᠬᠤ ᠵᠡᠷᠭᠡ ᠡᠯᠡᠰᠦᠷᠭᠡᠭᠵᠢᠯ ᠢ ᠰᠡᠷᠭᠡᠶᠢᠯᠡᠠ ᠡᠯᠡᠰᠦ ᠶᠢ ᠵᠠᠰᠠᠬᠤ ᠵᠠᠭᠪᠤᠷ ᠢ ᠰᠣᠩᠭᠤᠠ ᠠᠰᠢᠬᠯᠠᠵᠦ ᠪᠤᠢ》᠃ ᠠᠶᠢᠮᠠᠭ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠶᠡᠷᠦᠩᠬᠡᠢ ᠢᠨᠵᠧᠨᠧᠷ ᠬᠥᠩ ᠾᠧ ᠫᠢᠩ ᠲᠠᠨᠢᠯᠴᠠᠭᠤᠯᠬᠤ ᠳᠠᠭᠠᠨ᠂ ᠡᠨᠡ ᠵᠢᠯ ᠮᠠᠨ ᠤ ᠠᠶᠢᠮᠠᠭ《ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ》 ᠬᠦᠷᠢᠶ᠎ᠡ ᠬᠡᠪᠴᠢᠶ᠎ᠡ ᠶᠢ ᠥᠷᠭᠡᠳᠬᠡᠵᠦ᠂ 120 ᠮᠠᠯᠴᠢᠨ ᠲᠠᠷᠢᠶᠠᠴᠢᠨ ᠤ ᠬᠤᠷᠰᠢᠭᠰᠠᠨ ᠵᠣᠬᠢᠶᠠᠨ ᠪᠠᠶᠢᠭᠤᠯᠤᠯᠲᠠ᠂ 120 ᠭᠠᠷᠤᠢ ᠠᠵᠤ ᠠᠬᠤᠶᠢᠯᠠᠯ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠣᠷᠣᠯᠴᠠᠵᠤ᠂ ᠮᠠᠯᠴᠢᠨ ᠲᠠᠷᠢᠶᠠᠴᠢᠨ ᠣᠯᠠᠨ ᠲᠦᠮᠡᠨ ᠵᠢᠴᠢ ᠲᠡᠭᠦᠨ ᠤ ᠬᠤᠷᠰᠢᠭᠰᠠᠨ ᠵᠣᠬᠢᠶᠠᠨ ᠪᠠᠶᠢᠭᠤᠯᠤᠯᠲᠠ ᠶᠢᠨ ᠣᠷᠣᠯᠴᠠᠬᠤ ᠲᠥᠷᠥᠯ ᠵᠦᠢᠯ ᠤᠨ ᠡᠭᠦᠷᠭᠡ ᠨᠢ ᠣᠨ ᠤ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠡᠭᠦᠷᠭᠡ ᠶᠢᠨ ᠲᠠᠯᠠᠪᠠᠶ ᠶᠢᠨ 90% ᠠᠴᠠ ᠳᠡᠭᠡᠭᠰᠢᠬᠢ ᠶᠢ ᠡᠵᠡᠯᠡᠵᠦ᠂ ᠵᠢᠱᠢᠯᠲᠡ ᠪᠠᠷ 1.2 ᠲᠦᠮᠡᠨ ᠮᠠᠯᠴᠢᠨ ᠲᠠᠷᠢᠶᠠᠴᠢᠨ ᠢ ᠬᠠᠮᠤᠷᠴᠤ᠂ ᠬᠥᠮᠥᠨ ᠪᠦᠷᠢ ᠶᠢᠨ ᠳᠤᠮᠳᠠᠴᠢ ᠣᠷᠣᠯᠭ᠎ᠠ ᠶᠢ 1.8 ᠲᠦᠮᠡᠨ ᠲᠥᠭᠦᠷᠢᠭ ᠣᠷᠴᠢᠮ ᠨᠡᠮᠡᠭᠳᠡᠬᠦᠯᠬᠦ ᠪᠣᠯᠣᠨ᠎ᠠ ᠭᠡᠵᠠᠢ᠃
ᠣᠳᠣᠬᠠᠨ ᠳᠤ᠂ ᠪᠥᠬᠦ ᠠᠶᠢᠮᠠᠭ ᠤᠨ ᠡᠯ᠎ᠡ ᠭᠠᠵᠠᠷ ᠤᠨ ᠬᠢᠨ ᠬᠠᠪᠤᠷ ᠤᠨ ᠤᠯᠠᠷᠢᠯ ᠤᠨ ᠡᠯᠡᠰᠦᠷᠭᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠠᠭᠠᠷᠢᠯᠲᠠ ᠶᠢᠨ ᠪᠦᠷᠢᠶ᠎ᠡ ᠶᠢ ᠵᠠᠯᠭᠠᠭ᠎ᠠ ᠪᠠᠷ ᠬᠠᠩᠭᠢᠨᠠᠭᠤᠯᠵᠤ᠂ ᠠᠪᠠᠭ᠎ᠠ ᠬᠤᠰᠢᠭᠤ᠂ ᠰᠢᠯᠤᠭᠤᠨ ᠬᠥᠪᠡᠭᠡᠲᠦ ᠴᠠᠭᠠᠨ ᠬᠤᠰᠢᠭᠤ᠂ ᠬᠥᠪᠡᠭᠡᠲᠦ ᠰᠢᠷ᠎ᠠ ᠬᠤᠰᠢᠭᠤ᠂ ᠰᠥᠨᠢᠳ ᠪᠠᠷᠠᠭᠤᠨ ᠬᠤᠰᠢᠭᠤ᠂ ᠳᠣᠯᠣᠨᠨᠤᠤᠷ ᠰᠢᠶᠠᠨ ᠡᠯᠡᠰᠦ ᠶᠢ ᠵᠠᠰᠠᠬᠤ ᠢᠨᠵᠧᠨᠧᠷᠢᠩ ᠢ ᠤᠷᠢᠳᠠᠪᠠᠷ ᠡᠬᠢᠯᠡᠭᠦᠯᠵᠦ᠂ ᠰᠢᠯᠢ ᠶᠢᠨ ᠬᠤᠲᠠ᠂ ᠰᠢᠯᠤᠭᠤᠨ ᠬᠥᠬᠡ ᠬᠤᠰᠢᠭᠤ᠂ ᠲᠠᠶᠢᠹᠦᠰᠧ ᠬᠤᠰᠢᠭᠤ 4 ᠰᠠᠷ᠎ᠠ ᠶᠢᠨ 9 ᠤ ᠡᠳᠦᠷ ᠠᠵᠢᠯ ᠡᠬᠢᠯᠡᠭᠦᠯᠵᠦ᠂ ᠪᠤᠰᠤᠳ ᠭᠠᠵᠠᠷ ᠣᠷᠣᠨ ᠤ ᠬᠢᠨ ᠣᠶᠢᠷ᠎ᠠ ᠶᠢᠨ ᠬᠤᠭᠤᠴᠠᠭᠠᠨ ᠳᠤ ᠠᠵᠢᠯ ᠡᠬᠢᠯᠡᠭᠦᠯᠬᠦ ᠪᠤᠯᠤᠨ᠎ᠠ᠃