ᠵᠤᠬᠢᠶᠠᠭᠴᠢ:
ᠴᠠᠭ:2025-05-05
ᠥᠵᠡᠭᠰᠡᠨ : ℃
ᠢᠷᠡᠯᠲᠡ: ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
ᠵᠠᠩ ᠪᠠᠢ ᠴᠧᠩ ᠤᠯᠠᠭᠠᠨᠮᠥ᠋ᠴᠢᠷ ᠲᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
ᠣᠷᠴᠢᠮ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠰᠢᠯᠢ ᠶᠢᠨ ᠬᠤᠲᠠ ᠳᠤ ᠶᠡᠷᠦᠩᠬᠡᠢ ᠱᠦᠵᠢ ᠰᠢ ᠫᠢᠩ ᠤᠨ ᠤᠯᠠᠭᠠᠨᠮᠥ᠋ᠴᠢᠷ ᠤᠨ ᠭᠡᠰᠢᠭᠦᠳ ᠲᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠤᠯᠠᠭᠠᠨᠮᠥ᠋ᠴᠢᠷ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠵᠠᠢ᠃
ᠵᠠᠩ ᠪᠠᠢ ᠴᠧᠩ ᠤᠷᠢᠳ ᠬᠤᠵᠢᠳ ᠠᠶᠢᠮᠠᠭ ᠬᠤᠳᠠ ᠬᠤᠶᠠᠷ ᠱᠠᠲᠤᠨ ᠤ ᠤᠯᠠᠭᠠᠨᠮᠥ᠋ᠴᠢᠷ ᠲᠤ ᠬᠦᠷᠴᠦ᠂ ᠤᠯᠠᠭᠠᠨᠮᠥ᠋ᠴᠢᠷ ᠤᠨ ᠦᠵᠡᠭᠦᠯᠭᠡ ᠶᠢᠨ ᠲᠢᠩᠬᠢᠮ ᠢ ᠲᠣᠭᠤᠷᠢᠨ ᠦᠵᠡᠵᠦ᠂ ᠭᠡᠰᠢᠭᠦᠳ ᠤᠨ ᠪᠣᠯᠪᠠᠰᠤᠷᠠᠯ ᠢ ᠰᠣᠨᠢᠷᠬᠠᠠ ᠡᠩᠨᠡᠭᠡᠨ ᠤ ᠪᠠᠶᠢᠭᠤᠯᠤᠯᠲᠠ᠂ ᠦᠨᠳᠦᠰᠦᠨ ᠱᠠᠲᠤᠨ ᠤ ᠲᠣᠭᠯᠠᠯᠲᠠ ᠪᠣᠯᠣᠨ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃
ᠳᠠᠷᠠᠭ᠎ᠠ ᠳᠤᠨᠢ᠂ ᠵᠠᠩ ᠪᠠᠢ ᠴᠧᠩ ᠶᠠᠷᠢᠯᠴᠠᠬᠤ ᠬᠤᠷᠠᠯ ᠡᠷᠬᠢᠯᠡᠨ ᠬᠤᠷᠠᠯᠳᠤᠭᠤᠯᠪᠠ᠃ ᠲᠡᠷᠡ ᠴᠢᠬᠤᠯᠠᠴᠢᠯᠠᠬᠤ ᠳᠠᠭᠠᠨ᠂ ᠪᠦᠬᠦ ᠠᠶᠢᠮᠠᠭ ᠤᠨ ᠡᠯ᠎ᠡ ᠱᠠᠲᠤᠨ ᠤ ᠤᠯᠠᠭᠠᠨᠮᠥ᠋ᠴᠢᠷ ᠶᠡᠷᠦᠩᠬᠡᠢ ᠱᠦᠵᠢ ᠰᠢ ᠫᠢᠩ ᠤᠨ ᠤᠯᠠᠭᠠᠨᠮᠥ᠋ᠴᠢᠷ ᠤᠨ ᠭᠡᠰᠢᠭᠦᠳ ᠲᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠂ ᠨᠠᠮ ᠤᠨ ᠤᠳᠬ᠎ᠠ ᠤᠷᠠᠯᠢᠭ ᠤᠨ ᠠᠵᠢᠯ ᠤᠨ ᠴᠢᠭᠯᠡᠯᠲᠡ ᠶᠢ ᠢᠮᠠᠭᠲᠠ ᠪᠠᠷᠢᠮᠲᠠᠯᠠᠠ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠦ ᠴᠤᠬᠴᠠᠯᠠᠬᠤ ᠠᠵᠢᠯ ᠤᠨ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠲᠤᠭ ᠢ ᠮᠠᠠᠳᠤᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠥᠨ ᠢ ᠬᠥᠮᠥᠵᠢᠭᠦᠯᠬᠦ᠂ ᠰᠣᠶᠣᠯ ᠢ ᠮᠠᠨᠳᠤᠭᠤᠯᠬᠤ᠂ ᠳᠦᠷᠢ ᠲᠥᠷᠬᠦ ᠶᠢ ᠢᠯᠡᠷᠡᠭᠦᠯᠬᠦ ᠲᠤᠰᠢᠶᠠᠯ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠪᠣᠳᠠᠲᠤ ᠠᠵᠢᠯᠯᠠᠭ᠎ᠠ ᠪᠠᠷ ᠢᠶᠠᠨ ᠬᠤᠶᠠᠷ ᠢ ᠲᠣᠭᠲᠠᠭᠠᠬᠰᠠᠨ ᠢ ᠦᠨᠡᠨᠴᠢ ᠪᠠᠷ ᠬᠦᠷᠢᠶᠡᠯᠡᠵᠦ᠂ 《ᠬᠤᠶᠠᠷ ᠢ ᠬᠠᠮᠠᠭᠠᠯᠠᠬᠤ》 ᠶᠢ ᠡᠷᠡᠰ ᠪᠡᠶᠡᠯᠡᠭᠦᠯᠬᠦ ᠬᠡᠷᠡᠭᠲᠡᠢ᠃ ᠠᠷᠠᠳ ᠲᠦᠮᠡᠨ ᠢᠶᠠᠷ ᠭᠤᠣᠯ ᠪᠣᠯᠭᠠᠬᠤ ᠵᠣᠬᠢᠶᠠᠨ ᠪᠦᠲᠦᠭᠡᠯᠭᠡ ᠶᠢᠨ ᠤᠳᠤᠷᠢᠳᠤᠮᠵᠢ ᠶᠢ ᠦᠢᠯᠡᠳᠦᠯᠭᠡᠵᠢᠭᠦᠯᠬᠦ ᠶᠢ ᠪᠠᠷᠢᠮᠲᠠᠯᠠᠠ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠳᠡᠭᠡᠭᠰᠢᠯᠡᠭᠦᠯᠬᠦ ᠠᠵᠢᠯᠯᠠᠭ᠎ᠠ ᠳᠤ ᠪᠦᠬᠦ ᠲᠠᠯ᠎ᠠ ᠪᠠᠷ ᠣᠷᠣᠯᠴᠠᠵᠤ᠂ ᠬᠤᠶᠠᠷ ᠶᠡᠭᠡ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠰᠠᠨᠠᠭᠠᠴᠢᠯᠠᠭ᠎ᠠ ᠠᠴᠠ ᠪᠠᠨ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠨᠡᠩ ᠤᠯᠠᠨ ᠢᠯᠭᠠᠨ ᠲᠠᠨᠢᠬᠤ ᠴᠢᠨᠠᠷ᠂ ᠢᠷᠠᠭᠤ ᠠᠯᠳᠠᠷᠰᠢᠯ ᠤᠨ ᠬᠡᠮᠵᠢᠶ᠎ᠡ᠂ ᠭᠠᠵᠠᠷ ᠣᠷᠣᠨ ᠤ ᠣᠨᠴᠠᠯᠢᠭ ᠢ ᠢᠯᠡᠷᠡᠭᠦᠯᠦᠭᠰᠡᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠬᠤ ᠬᠡᠷᠡᠭᠲᠡᠢ᠃ ᠡᠩᠨᠡᠭᠡᠨ ᠤ ᠪᠠᠶᠢᠭᠤᠯᠤᠯᠲᠠ ᠪᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠵᠡᠷᠭᠡ ᠠᠵᠢᠯ ᠢ ᠦᠷᠭᠦᠯᠵᠢᠯᠡᠨ ᠴᠢᠩᠭᠠᠳᠬᠠᠵᠤ᠂ ᠴᠢᠳᠠᠪᠤᠷᠢᠲᠠᠨ ᠣᠷᠣᠭᠤᠯᠤᠨ ᠠᠪᠴᠢᠷᠠᠬᠤ ᠡᠷᠴᠢᠮ ᠢᠶᠠᠨ ᠤᠯᠠᠮ ᠴᠢᠨᠠᠭᠰᠢᠳᠠ ᠴᠢᠩᠭᠠᠷᠠᠭᠤᠯᠤᠨ᠂ ᠭᠡᠰᠢᠭᠦᠳ ᠤᠨ ᠴᠢᠳᠠᠪᠤᠷᠢ ᠬᠡᠪ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠢᠨ᠎ᠡ ᠬᠡᠰᠢᠬᠦᠳ ᠠᠬᠠᠮᠠᠳ ᠭᠡᠰᠢᠭᠦᠳ ᠤᠨ ᠰᠢᠨ᠎ᠠ ᠪᠠᠷ ᠣᠷᠣᠵᠤ ᠢᠷᠡᠬᠦ ᠪᠠ ᠭᠠᠷᠴᠦ ᠶᠠᠪᠤᠬᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠢᠮᠠᠭᠲᠠ ᠠᠮᠢᠵᠢᠷᠠᠯ ᠤᠨ ᠬᠦᠴᠦᠨ ᠪᠠ ᠪᠦᠲᠦᠭᠡᠯᠴᠢ ᠴᠢᠨᠠᠷ ᠢᠶᠠᠷ ᠪᠢᠯᠬᠠᠮ᠎ᠠ ᠪᠠᠶᠢᠬᠤ ᠶᠢ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠰᠤᠷᠲᠠᠯ ᠤᠬᠠᠭᠤᠯᠭ᠎ᠠ ᠰᠣᠶᠣᠯ ᠤᠨ ᠰᠠᠯᠠᠭ᠎ᠠ ᠮᠥᠴᠢᠷ ᠤᠳ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠬᠥᠮᠥᠨ ᠤ ᠬᠦᠴᠦ ᠡᠳ᠋ ᠪᠣᠳᠠᠰ ᠵᠡᠷᠭᠡ ᠲᠠᠯ᠎ᠠ ᠶᠢᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠦᠨᠡᠨ ᠬᠦ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠵᠤ᠂ ᠤᠯᠠᠭᠠᠨᠮᠥ᠋ᠴᠢᠷ ᠤᠨ ᠠᠵᠢᠯ ᠦᠢᠯᠡᠰ ᠤᠨ ᠴᠡᠴᠡᠭᠯᠡᠨ ᠬᠥᠭᠵᠢᠬᠦ ᠳᠤ ᠰᠠᠶᠢᠨ ᠰᠠᠶᠢᠬᠠᠨ ᠨᠥᠬᠦᠴᠡᠯ ᠢ ᠡᠭᠦᠳᠬᠦ ᠬᠡᠷᠡᠭᠲᠡᠢ ᠭᠡᠵᠠᠢ᠃