ᠵᠤᠬᠢᠶᠠᠭᠴᠢ:
ᠴᠠᠭ:2025-05-30
ᠥᠵᠡᠭᠰᠡᠨ : ℃
ᠢᠷᠡᠯᠲᠡ:
ᠰᠢᠯᠢᠳᠡᠭ ᠡᠭᠦᠯᠳᠡᠷ ᠤᠨ ᠠᠳᠤᠭᠤ ᠶᠢ ᠦᠨ᠎ᠡ ᠬᠠᠶᠠᠯᠴᠠᠨ ᠬᠤᠳᠠᠯᠳᠤᠬᠤ ᠴᠤᠭᠯᠠᠭᠠᠨ ᠶᠠᠪᠤᠬᠳᠠᠪᠠ
ᠰᠢᠯᠢᠳᠡᠭ ᠡᠭᠦᠯᠳᠡᠷ ᠤᠨ ᠠᠳᠤᠭᠤ ᠶᠢ ᠦᠨ᠎ᠡ ᠬᠠᠶᠠᠯᠴᠠᠨ ᠬᠤᠳᠠᠯᠳᠤᠬᠤ ᠴᠤᠭᠯᠠᠭᠠᠨ ᠰᠢᠯᠢ ᠶᠢᠨ ᠬᠤᠲᠠ ᠶᠢᠨ ᠪᠠᠶᠠᠨᠰᠢᠯᠢ ᠮᠠᠯᠵᠢᠯ ᠤᠨ ᠲᠠᠯᠠᠪᠠᠢ ᠳᠤ ᠶᠠᠪᠤᠬᠳᠠᠪᠠ᠃ ᠲᠣᠰ ᠤᠳᠠᠭᠠᠨ ᠤ ᠠᠵᠢᠯᠯᠠᠭ᠎ᠠ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠤᠭᠤᠨ ᠤ ᠦᠢᠯᠡᠰ ᠤᠨ ᠨᠡᠶᠢᠭᠡᠮᠯᠢᠭ ᠬᠢᠭᠡᠳ ᠰᠢᠯᠢ ᠶᠢᠨ ᠭᠤᠣᠯ ᠠᠶᠢᠮᠠᠭ ᠤᠨ ᠠᠳᠤᠭᠤᠨ ᠤ ᠦᠢᠯᠡᠰ ᠤᠨ ᠨᠡᠶᠢᠭᠡᠮᠯᠢᠭ ᠠᠴᠠ ᠬᠠᠮᠲᠤᠷᠠᠨ ᠡᠷᠭᠢᠯᠡᠵᠦ᠂ ᠥᠪᠥᠷ ᠮᠣᠩᠭᠤᠯ ᠤᠨ ᠲᠠᠯ᠎ᠠ ᠨᠤᠲᠤᠭ ᠤᠨ ᠴᠡᠪᠡᠷ ᠴᠢᠰᠤᠨ ᠤ ᠠᠳᠤᠭᠤ ᠪᠤᠶᠢᠵᠢᠭᠤᠯᠬᠤ ᠬᠢᠵᠠᠭᠠᠷᠲᠤ ᠺᠣᠮᠫᠠᠨᠢ ᠳᠠᠭᠠᠭᠠᠴᠢᠯᠠᠨ ᠡᠷᠭᠢᠯᠡᠵᠦ᠂ ᠵᠠᠬ᠎ᠠ ᠳᠡᠯᠭᠡᠭᠦᠷᠴᠢᠯᠡᠭᠰᠡᠨ ᠦᠨ᠎ᠡ ᠬᠠᠶᠠᠯᠴᠠᠬᠤ ᠲᠣᠭᠲᠠᠴᠠ ᠪᠠᠷ ᠳᠠᠮᠵᠢᠭᠤᠯᠤᠨ 《ᠠᠳᠤᠭᠤᠨ ᠤ ᠡᠭᠦᠯᠳᠡᠷ ᠢ ᠰᠢᠯᠢᠳᠡᠭᠵᠢᠬᠦᠯᠬᠦ ᠢᠨᠵᠧᠨᠧᠷᠢᠩ》 ᠢ ᠠᠬᠢᠭᠤᠯᠵᠤ᠂ ᠠᠳᠤᠭᠤᠨ ᠤ ᠠᠵᠤ ᠦᠢᠯᠡᠰ ᠬᠢᠭᠡᠳ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃
ᠦᠨ᠎ᠠ ᠬᠠᠶᠠᠯᠴᠠᠨ ᠬᠤᠳᠠᠯᠳᠤᠬᠤ ᠪᠠᠷ ᠰᠤᠩᠭᠤᠬᠰᠠᠨ 100 ᠭᠠᠷᠤᠢ ᠨᠡᠷᠡᠨ ᠲᠠᠮᠠᠭᠠᠲᠦ ᠠᠳᠤᠭᠤ ᠨᠢ ᠨᠢᠭᠡ ᠠᠴᠠ ᠭᠤᠷᠪᠠᠨ ᠨᠠᠰᠤᠨ ᠤ ᠠᠵᠢᠷᠭ᠎ᠠ᠂ ᠭᠡᠭᠦᠦ ᠵᠢᠴᠢ ᠨᠠᠰᠤ ᠬᠦᠢᠴᠡᠭᠰᠡᠨ ᠭᠡᠭᠦᠦ ᠶᠢ ᠬᠠᠮᠤᠷᠴᠤ᠂ ᠡᠳᠡᠭᠡᠷ ᠮᠤᠷᠢᠳ ᠤᠨ ᠨᠠᠰᠤᠨ ᠤ ᠪᠦᠲᠦᠴᠡ ᠪᠦᠷᠢᠯᠳᠦᠯ ᠨᠢ ᠪᠦᠷᠢᠨ ᠪᠦᠲᠦᠨ᠂ ᠡᠭᠦᠯᠳᠡᠷ ᠤᠨ ᠣᠨᠴᠠᠯᠢᠭ ᠨᠢ ᠢᠯᠡ ᠲᠣᠳᠣ ᠪᠠᠶᠢᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠳᠤᠭᠤᠨ ᠤ ᠦᠢᠯᠡᠰ ᠤᠨ ᠨᠡᠶᠢᠭᠡᠮᠯᠢᠭ ᠤᠨ ᠳᠠᠷᠤᠭ᠎ᠠ ᠤᠯᠠᠭᠠᠨᠪᠠᠭᠠᠲᠤᠷ ᠲᠠᠨᠢᠯᠴᠠᠭᠤᠯᠬᠤ ᠳᠠᠭᠠᠨ᠄《ᠦᠨ᠎ᠡ ᠬᠠᠶᠠᠯᠴᠠᠨ ᠬᠤᠳᠠᠯᠳᠤᠬᠤ ᠪᠠᠷ ᠰᠤᠩᠭᠤᠬᠰᠠᠨ ᠮᠤᠷᠢᠳ ᠲᠤ ᠴᠥᠮ ᠴᠢᠩᠭ᠎ᠠ ᠨᠢᠮᠪᠠᠢ ᠴᠢᠰᠤᠨ ᠤᠳᠤᠮ ᠤᠨ ᠭᠡᠷᠡᠴᠢᠯᠡᠯ ᠬᠢᠭᠰᠡᠨ ᠪᠣᠯᠬᠤᠷ ᠴᠠᠳᠢᠭ ᠤᠨ ᠲᠠᠩᠰᠠ ᠡᠪᠬᠡᠮᠡᠯ ᠢ ᠨᠢ ᠲᠣᠳᠣᠷᠬᠠᠢ ᠪᠠᠶᠢᠴᠠᠭᠠᠵᠤ ᠪᠣᠯᠣᠨ᠎ᠠ᠂ ᠡᠨᠡ ᠨᠢ ᠤᠷᠤᠯᠳᠤᠭᠠᠨ ᠮᠣᠷᠢᠨ ᠤ ᠲᠤᠰᠬᠠᠢ ᠬᠡᠷᠡᠭᠴᠡᠭᠡ ᠶᠢ ᠬᠠᠩᠭᠠᠬᠤ ᠪᠠᠷ ᠪᠠᠷᠠᠬᠤ ᠦᠭᠡᠢ ᠪᠠᠰᠠ ᠮᠠᠯᠴᠢᠨ ᠲᠠᠷᠢᠶᠠᠴᠢᠨ ᠤ ᠠᠳᠤᠭᠤᠨ ᠤ ᠪᠠᠨ ᠡᠭᠦᠯᠳᠡᠷ ᠢ ᠰᠢᠯᠢᠳᠡᠭᠵᠢᠬᠦᠯᠬᠦ ᠪᠣᠳᠠᠲᠤ ᠬᠡᠷᠡᠭᠯᠡᠭᠡᠨ ᠤ ᠬᠠᠷᠠᠯᠲᠠ ᠳᠤ ᠲᠣᠬᠢᠷᠠᠵᠦ᠂ ᠲᠤᠰ ᠤᠳᠠᠭᠠᠨ ᠤ ᠠᠵᠢᠯᠯᠠᠭ᠎ᠠ ᠳᠤ ᠰᠢᠯᠢ ᠶᠢᠨ ᠭᠤᠣᠯ ᠠᠶᠢᠮᠠᠭ ᠤᠨ ᠡᠯ᠎ᠡ ᠬᠤᠰᠢᠭᠤ ᠰᠢᠶᠠᠨ ᠬᠤᠲᠠ︵ᠤᠷᠤᠨ︶ᠵᠢᠴᠢ ᠰᠢᠨᠵᠢᠶᠠᠩ ᠵᠡᠷᠭᠡ ᠭᠠᠵᠠᠷ ᠤᠨ ᠠᠳᠤᠭᠤᠨ ᠪᠠᠭ᠋ᠠᠲᠠᠳ ᠬᠦᠷᠦᠯᠴᠡᠨ ᠢᠷᠡᠵᠠᠢ》 ᠭᠡᠪᠡ᠃
ᠵᠡᠭᠦᠨ ᠦᠵᠦᠮᠦᠴᠢᠨ ᠬᠤᠰᠢᠭᠤᠨ ᠤ ᠨᠢᠭᠡᠨ ᠮᠠᠯᠴᠢᠨ 4 ᠲᠦᠮᠡᠨ ᠲᠥᠭᠦᠷᠢᠭ ᠢᠶᠠᠷ ᠪᠦᠬᠦᠯᠢ ᠬᠤᠶᠠᠷ ᠨᠠᠰᠤᠨ ᠤ ᠠᠵᠢᠷᠭ᠎ᠠ ᠦᠨ᠎ᠠ ᠬᠠᠶᠠᠯᠴᠠᠨ ᠤᠯᠵᠠᠢ᠃ ᠲᠡᠷᠡ᠄《ᠡᠨᠡ ᠵᠢᠯ ᠠᠳᠤᠭᠤᠨ ᠤ ᠶᠠᠰᠤ ᠴᠢᠨᠠᠷ ᠢᠯᠡᠳᠲᠡ ᠳᠡᠭᠡᠭᠰᠢᠯᠡᠵᠡᠢ᠂ ᠢᠯᠠᠩᠭᠤᠶ᠎ᠠ ᠪᠦᠬᠦᠯᠢ ᠬᠤᠶᠠᠷ ᠨᠠᠰᠤᠨ ᠤ ᠠᠳᠤᠭᠤᠨ ᠤ ᠪᠡᠶ᠎ᠡ ᠶᠢᠨ ᠪᠦᠲᠦᠴᠡ ᠪᠠ ᠬᠥᠳᠡᠯᠭᠡᠭᠡᠨ ᠤ ᠴᠢᠳᠠᠪᠬᠢ ᠨᠢ ᠨᠠᠩ ᠰᠢᠯᠢᠳᠡᠭᠵᠢᠵᠤ᠂ ᠴᠢᠰᠤᠨ ᠤᠳᠤᠮ ᠤᠨ ᠭᠡᠷᠡᠴᠢᠯᠡᠯ ᠤᠨ ᠲᠣᠭᠲᠠᠯᠴᠠᠭ᠎ᠠ ᠨᠢ ᠴᠦ ᠨᠠᠩ ᠪᠦᠷᠢᠨ ᠲᠡᠭᠦᠯᠳᠡᠷ ᠪᠣᠯᠵᠠᠢ᠃ ᠪᠢ ᠡᠨᠡ ᠠᠵᠢᠷᠭ᠎ᠠ ᠪᠠᠷ ᠠᠳᠤᠭᠤᠨ ᠰᠦᠷᠦᠭ ᠤᠨ ᠢᠶᠠᠨ ᠡᠭᠦᠯᠳᠡᠷ ᠢ ᠰᠢᠯᠢᠳᠡᠭᠵᠢᠬᠦᠯᠬᠦ ᠶᠢᠨ ᠬᠠᠮᠲᠤ ᠤᠷᠤᠯᠳᠤᠭᠠᠨ ᠮᠤᠷᠢ ᠪᠠᠷ ᠭᠠᠷᠰᠢᠭᠤᠯᠤᠨ ᠰᠤᠷᠭᠠᠬᠤ ᠰᠠᠨᠠᠭ᠎ᠠ ᠲᠠᠢ》ᠭᠡᠵᠦ ᠶᠠᠷᠢᠯ᠎ᠠ᠃
ᠥᠪᠥᠷ ᠮᠣᠩᠭᠤᠯ ᠤᠨ ᠲᠠᠯ᠎ᠠ ᠨᠤᠲᠤᠭ ᠤᠨ ᠴᠡᠪᠡᠷ ᠴᠢᠰᠤᠨ ᠤ ᠠᠳᠤᠭᠤ ᠪᠤᠶᠢᠵᠢᠭᠤᠯᠬᠤ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠬᠦᠭᠡᠪᠠᠷᠰ ᠢᠯᠡᠷᠬᠡᠶᠢᠯᠡᠬᠦ ᠳᠡᠭᠡᠨ᠂ ᠪᠢᠳᠡ ᠵᠢᠯ ᠪᠦᠷᠢ ᠬᠠᠪᠤᠷ ᠤᠨ ᠤᠯᠠᠷᠢᠯ ᠪᠠ ᠨᠠᠮᠤᠷ ᠤᠨ ᠤᠯᠠᠷᠢᠯ ᠳᠤ ᠬᠤᠶᠠᠷ ᠤᠳᠠᠭ᠎ᠠ ᠦᠨ᠎ᠡ ᠬᠠᠶᠠᠯᠴᠠᠨ ᠬᠤᠳᠠᠯᠳᠤᠬᠤ ᠴᠤᠭᠯᠠᠭᠠᠨ ᠡᠷᠬᠢᠯᠡᠳᠡᠭ᠂ ᠡᠨᠡ ᠤᠳᠠᠭ᠎ᠠ ᠶᠢᠨ ᠠᠵᠢᠯᠯᠠᠭ᠎ᠠ ᠨᠢ ᠪᠠᠰᠠ ᠴᠤ ᠳᠠᠷᠠᠭᠠᠴᠢ ᠶᠢᠨ ᠤᠷᠤᠯᠳᠤᠭᠠᠨ ᠳᠤ ᠵᠣᠷᠢᠭᠤᠯᠤᠬᠰᠠᠨ ᠪᠠᠶᠢᠭ᠎ᠠ ᠶᠤᠮ᠃ ᠦᠨ᠎ᠡ ᠬᠠᠶᠠᠯᠴᠠᠨ ᠬᠤᠳᠠᠯᠳᠤᠬᠤ ᠴᠤᠭᠯᠠᠭᠠᠨ ᠨᠢ ᠰᠢᠯᠢᠳᠡᠭ ᠡᠭᠦᠯᠳᠡᠷ ᠤᠨ ᠠᠳᠤᠭᠤᠨ ᠤ ᠠᠷᠠᠯᠵᠢᠶᠠᠨ ᠤ ᠲᠠᠪᠴᠠᠩ ᠪᠣᠯᠬᠤ ᠪᠠᠷ ᠪᠠᠷᠠᠬᠤ ᠦᠭᠡᠢ ᠨᠠᠩ ᠴᠤ ᠡᠭᠦᠯᠳᠡᠷ ᠪᠤᠶᠢᠵᠢᠭᠤᠯᠬᠤ᠂ ᠠᠷᠠᠯᠵᠢᠶ᠎ᠠ ᠬᠢᠬᠦ᠂ ᠤᠷᠤᠯᠳᠤᠭᠠᠨ ᠡᠷᠬᠢᠯᠡᠬᠦ᠂ ᠰᠣᠶᠣᠯ ᠵᠢᠭᠤᠯᠴᠢᠯᠠᠯ ᠵᠡᠷᠭᠡ ᠪᠥᠬᠦ ᠠᠵᠤ ᠦᠢᠯᠡᠰ ᠤᠨ ᠬᠡᠯᠬᠢᠶ᠎ᠡ ᠶᠢ ᠬᠤᠯᠪᠣᠵᠤ ᠡᠬᠢᠯᠡᠭᠰᠡᠨ ᠪᠠᠶᠢᠨ᠎ᠠ ᠭᠡᠵᠠᠢ᠃