ᠵᠤᠬᠢᠶᠠᠭᠴᠢ:
ᠴᠠᠭ:2025-05-23
ᠥᠵᠡᠭᠰᠡᠨ : ℃
ᠢᠷᠡᠯᠲᠡ: ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
ᠮᠠᠨ ᠤ ᠠᠶᠢᠮᠠᠭ ᠦᠨᠳᠦᠰᠦᠲᠡᠨ ᠤ ᠰᠣᠶᠣᠯ ᠤᠨ ᠣᠷᠳᠣᠨ ᠯᠤᠭ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠠᠵᠢᠯ ᠤᠨ ᠬᠠᠮᠲᠤᠷᠠᠯᠴᠠᠭᠠᠨ ᠤ ᠪᠤᠷᠤ ᠲᠦᠯᠦᠪ ᠤᠨ ᠵᠥᠪᠯᠡᠯᠴᠡᠭᠡᠷ ᠲᠣᠭᠲᠠᠪᠠ
ᠣᠷᠴᠢᠮ᠂ ᠠᠶᠢᠮᠠᠭ ᠤᠨ ᠵᠠᠬᠢᠷᠭ᠎ᠠ ᠪᠣᠯᠣᠨ ᠦᠨᠳᠦᠰᠦᠲᠡᠨ ᠤ ᠰᠣᠶᠣᠯ ᠤᠨ ᠣᠷᠳᠣᠨ ᠪᠡᠭᠡᠵᠢᠩ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠠᠵᠢᠯ ᠤᠨ ᠬᠠᠮᠲᠤᠷᠠᠯᠴᠠᠭᠠᠨ ᠤ ᠪᠤᠷᠤ ᠲᠦᠯᠦᠪ ᠤᠨ ᠵᠥᠪᠯᠡᠯᠴᠡᠭᠡᠷ ᠲᠤᠭᠳᠠᠪᠠ᠃
ᠭᠠᠷ ᠤᠨ ᠦᠰᠦᠭ ᠵᠢᠷᠤᠬᠤ ᠶᠣᠰᠣᠯᠠᠯ ᠤᠨ ᠠᠬᠤᠢ ᠲᠠᠯᠠᠪᠠᠢ ᠳᠤ᠂ ᠦᠨᠳᠦᠰᠦᠲᠡᠨ ᠤ ᠰᠣᠶᠣᠯ ᠤᠨ ᠣᠷᠳᠣᠨ ᠤ ᠡᠷᠬᠢᠯᠡᠭᠴᠢ ᠷᠧᠨ ᠢ᠂ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠰᠢᠶᠣᠣ ᠵᠢᠶᠦ᠋ᠨ ᠪᠠᠶᠠᠷ ᠤᠨ ᠦᠭᠡ ᠬᠡᠯᠡᠪᠡ᠃ ᠠᠶᠢᠮᠠᠭ ᠤᠨ ᠳᠡᠳ᠋ ᠳᠠᠷᠤᠭ᠎ᠠ ᠰᠦᠨ ᠵᠧᠨ ᠵᠢᠶᠠᠩ᠂ ᠦᠨᠳᠦᠰᠦᠲᠡᠨ ᠤ ᠰᠣᠶᠣᠯ ᠤᠨ ᠣᠷᠳᠣᠨ ᠤ ᠳᠡᠳ᠋ ᠡᠷᠬᠢᠯᠡᠭᠴᠢ ᠱᠤᠤ ᠪᠢᠨ ᠬᠤᠶᠠᠷ ᠲᠠᠯ᠎ᠠ ᠶᠢᠨ ᠬᠢᠨ ᠢ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠪᠠ᠃
ᠡᠨᠡ ᠤᠳᠠᠭᠠᠨ ᠤ ᠬᠠᠮᠲᠤᠷᠠᠯᠴᠠᠭᠠᠨ ᠤ ᠵᠥᠪᠯᠡᠯᠴᠡᠭᠡᠷ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠭᠤᠣᠯ ᠰᠡᠳᠦᠪᠲᠦ ᠦᠷ᠎ᠡ ᠪᠦᠲᠦᠭᠡᠯ ᠢ ᠳᠡᠯᠭᠡᠨ ᠦᠵᠡᠭᠦᠯᠬᠦ᠂ ᠰᠣᠯᠢᠯᠴᠠᠭᠠᠨ ᠤ ᠲᠠᠪᠴᠠᠩ ᠪᠠᠶᠢᠭᠤᠯᠬᠤ᠂ ᠲᠤᠰᠬᠠᠢ ᠮᠡᠷᠭᠡᠵᠢᠯ ᠤᠨ ᠳᠡᠮᠵᠢᠯᠭᠡ ᠦᠵᠡᠭᠦᠯᠬᠦ᠂ ᠰᠤᠳᠤᠯᠭᠠᠨ ᠢ ᠦᠷ᠎ᠡ ᠪᠦᠲᠦᠭᠡᠯ ᠪᠤᠯᠭᠠᠨ ᠬᠤᠪᠢᠷᠠᠭᠤᠯᠬᠤ ᠵᠡᠷᠭᠡ ᠲᠣᠭᠤᠷᠢᠨ ᠳᠤ ᠣᠷᠳᠣᠨ ᠬᠦᠷᠢᠶᠡᠯᠡᠩ ᠤᠨ ᠳᠠᠪᠠᠭᠤᠯᠢᠭ ᠢ ᠣᠷᠣᠨ ᠨᠤᠲᠤᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ᠂ ᠤᠨᠤᠯ ᠤᠨ ᠰᠤᠳᠤᠯᠭᠠᠨ ᠪᠣᠯᠣᠨ ᠦᠨᠳᠦᠰᠦᠨ ᠱᠠᠲᠤᠨ ᠤ ᠦᠢᠯᠡᠳᠦᠯᠭᠡ ᠶᠢ ᠨᠢᠭᠡᠳᠬᠡᠬᠦ ᠶᠢ ᠠᠬᠢᠭᠤᠯᠬᠤ ᠪᠠᠷ ᠴᠢᠷᠮᠠᠶᠢᠵᠤ᠂ ᠬᠤᠶᠠᠷ ᠲᠠᠯ᠎ᠠ ᠪᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠠᠵᠢᠯ ᠤᠨ ᠲᠠᠯ᠎ᠠ ᠪᠠᠷ ᠭᠦᠨᠵᠡᠭᠡᠢ ᠬᠠᠮᠲᠤᠷᠠᠯᠴᠠᠭ᠎ᠠ ᠥᠷᠨᠢᠭᠦᠯᠬᠦ ᠶᠢ ᠠᠬᠢᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠤᠯᠤᠨ᠎ᠠ᠃