ᠵᠤᠬᠢᠶᠠᠭᠴᠢ:
ᠴᠠᠭ:2025-06-04
ᠥᠵᠡᠭᠰᠡᠨ : ℃
ᠢᠷᠡᠯᠲᠡ: ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
ᠰᠢᠯᠢ ᠶᠢᠨ ᠭᠤᠣᠯ ᠠᠶᠢᠮᠠᠭ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠣᠷᠴᠢᠮ᠂ ᠰᠢᠯᠢ ᠶᠢᠨ ᠭᠤᠣᠯ ᠠᠶᠢᠮᠠᠭ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠰᠢᠯᠢ ᠶᠢᠨ ᠬᠤᠲᠠ ᠳᠤ ᠬᠤᠷᠠᠯᠳᠤᠪᠠ᠃
ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠠᠩ ᠰᠢᠶᠣᠣ ᠵᠢᠶᠦ᠋ᠨ ᠬᠤᠷᠠᠯ ᠳᠤ ᠣᠷᠣᠯᠴᠠᠬᠰᠠᠨ ᠪᠦᠬᠡᠳ ᠶᠠᠷᠢᠶ᠎ᠠ ᠲᠠᠯᠪᠢᠪᠠ᠃ ᠠᠶᠢᠮᠠᠭ ᠤᠨ ᠳᠡᠳ᠋ ᠳᠠᠷᠤᠭ᠎ᠠ ᠰᠦᠨ ᠵᠧᠨ ᠵᠢᠶᠠᠩ ᠬᠤᠷᠠᠯ ᠳᠤ ᠣᠷᠣᠯᠴᠠᠪᠠ᠃
ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠡᠷᠬᠡᠪᠰᠢ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠨᠢᠯᠲᠠ ᠪᠠᠨ ᠭᠦᠨᠵᠡᠭᠡᠶᠢᠷᠡᠭᠦᠯᠤᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠵᠥᠪ ᠣᠨᠣᠪᠴᠢᠲᠠᠢ ᠤᠳᠤᠷᠢᠳᠤᠯᠭ᠎ᠠ ᠶᠢᠨ ᠳᠣᠣᠷ᠎ᠠ᠂ ᠡᠭᠦᠳᠦᠨ ᠪᠠᠶᠢᠭᠤᠯᠬᠤ ᠠᠵᠢᠯ ᠤᠨ ᠤᠬᠠᠮᠰᠠᠷᠲᠤ ᠴᠢᠨᠠᠷ ᠪᠣᠯᠣᠨ ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠬᠤ ᠬᠡᠷᠡᠭᠲᠡᠢ᠃ ᠥᠪᠡᠷ ᠢ ᠪᠠᠨ ᠪᠠᠶᠢᠴᠠᠭᠠᠵᠤ ᠥᠪᠡᠷ ᠢᠶᠡᠨ ᠵᠠᠯᠠᠷᠠᠭᠤᠯᠬᠤ᠂ ᠨᠢᠭᠡ ᠠᠴᠠ ᠤᠯᠠᠨ ᠢ ᠵᠦᠢᠴᠢᠯᠡᠬᠦ ᠶᠢ ᠴᠢᠩᠭᠠᠳᠬᠠᠵᠦ᠂《ᠨᠢᠭᠡ ᠯᠡ ᠤᠳᠠᠭ᠎ᠠ ᠳᠤ ᠠᠮᠵᠢᠯᠳᠠᠳᠠᠢ ᠪᠠᠶᠢᠭᠤᠯᠬᠤ》 ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠨ ᠴᠢᠩᠭ᠎ᠠ ᠠᠳᠬᠤᠵᠤ ᠰᠠᠶᠢᠲᠤᠷ ᠠᠳᠬᠤᠵᠤ᠂ ᠡᠭᠦᠳᠦᠨ ᠪᠠᠶᠢᠭᠤᠯᠬᠤ ᠠᠵᠢᠯ ᠤᠨ ᠡᠯ᠎ᠡ ᠵᠦᠢᠯ ᠤᠨ ᠡᠭᠦᠷᠭᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠡᠷᠬᠡᠪᠰᠢ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠡᠭᠦᠷᠭᠡᠯᠡᠵᠦ᠂ ᠬᠠᠮᠲᠤᠷᠠᠯ ᠤᠨ ᠬᠦᠴᠦᠨ ᠢ ᠨᠢᠭᠳᠠᠷᠠᠭᠤᠯᠵᠤ᠂ ᠬᠠᠷᠢᠭᠤᠴᠠᠯᠭᠠᠲᠤ ᠰᠡᠳᠬᠢᠯᠭᠡ᠂ ᠲᠤᠯᠭᠠᠮ ᠰᠡᠳᠬᠢᠯᠭᠡ᠂ ᠲᠦᠭᠰᠢᠭᠦᠷᠢᠲᠦ ᠰᠡᠳᠬᠢᠯᠭᠡ ᠪᠠᠷ ᠬᠠᠮᠲᠤᠪᠡᠷ ᠠᠳᠬᠤᠵᠤ ᠬᠠᠮᠲᠤᠪᠠᠷ ᠬᠠᠮᠢᠶᠠᠷᠬᠤ ᠡᠭᠦᠳᠦᠨ ᠪᠠᠶᠢᠭᠤᠯᠬᠤ ᠪᠠᠶᠢᠷᠢᠰᠢᠯ ᠢ ᠲᠠᠰᠤᠷᠠᠯᠲᠠ ᠦᠭᠡᠢ ᠪᠠᠶᠢᠭᠤᠯᠤᠨ ᠲᠡᠭᠦᠯᠳᠡᠷᠵᠢᠭᠦᠯᠵᠦ᠂ ᠲᠣᠭᠲᠠᠭᠰᠠᠨ ᠬᠤᠭᠤᠴᠠᠭᠠᠨ ᠳᠤ ᠡᠭᠦᠳᠦᠨ ᠪᠠᠶᠢᠭᠤᠯᠬᠤ ᠶᠢ ᠪᠠᠲᠤᠯᠠᠵᠤ᠂ ᠪᠥᠬᠦ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ ᠪᠠᠶᠢᠳᠠᠯ ᠢ ᠡᠭᠦᠳᠦᠨ ᠨᠡᠭᠡᠭᠡᠬᠦ ᠬᠡᠷᠡᠭᠲᠡᠢ ᠭᠡᠪᠡ᠃