ᠵᠤᠬᠢᠶᠠᠭᠴᠢ:
ᠴᠠᠭ:2025-06-10
ᠥᠵᠡᠭᠰᠡᠨ : ℃
ᠢᠷᠡᠯᠲᠡ: ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
ᠵᠠᠩ ᠪᠠᠢ ᠴᠧᠩ ᠰᠢᠯᠢ ᠶᠢᠨ ᠬᠤᠲᠠ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠪᠠ
2025 6 ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ ᠵᠠᠩ ᠪᠠᠢ ᠴᠧᠩ ᠰᠢᠯᠢ ᠶᠢᠨ ᠬᠤᠲᠠ ᠳᠤ ᠲᠥᠪ ᠤᠨ ᠠᠮᠢ ᠠᠬᠤᠢ ᠤᠷᠴᠢᠨ ᠲᠣᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠬᠢᠨᠠᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠰᠶᠢᠳᠪᠦᠷᠢᠯᠡᠭᠦᠯᠬᠦ ᠪᠠᠷ ᠳᠤᠰᠢᠶᠠᠬᠰᠠᠨ ᠵᠠᠬᠢᠳᠠᠯ ᠰᠣᠷᠪᠤᠯᠵᠢᠯᠠᠯ ᠤᠨ ᠬᠡᠷᠡᠭ ᠢ ᠴᠡᠭᠴᠡᠯᠡᠨ ᠰᠠᠶᠢᠵᠢᠷᠠᠭᠤᠯᠬᠤ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃
ᠵᠠᠩ ᠪᠠᠢ ᠴᠧᠩ ᠵᠠᠬᠢᠳᠠᠯ ᠰᠣᠷᠪᠤᠯᠵᠢᠯᠠᠯ ᠤᠨ ᠬᠡᠷᠡᠭ ᠤᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ᠂ ᠬᠡᠷᠡᠭ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠱᠠᠯᠠᠪᠳᠠᠭᠤᠯᠪᠡ᠃ ᠲᠡᠷᠡ ᠴᠢᠬᠤᠯᠠᠴᠢᠯᠠᠬᠤ ᠳᠠᠭᠠᠨ᠂ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠠ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠬᠡᠯᠬᠢᠶ᠎ᠡ ᠶᠢ ᠪᠤᠲᠠᠲᠠᠶᠢᠵᠢᠭᠤᠯᠤᠨ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠶᠠᠰᠦ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠥᠭᠡᠳ ᠲᠦᠷᠭᠡᠨ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠲᠤᠰᠬᠠᠭᠰᠠᠨ ᠵᠦᠢᠯ ᠪᠦᠬᠦᠨ ᠢ ᠨᠠᠶᠢᠳᠠᠪᠤᠷᠢᠵᠢᠭᠤᠯᠵᠦ᠂ ᠶᠠᠪᠤᠳᠠᠯ ᠪᠦᠬᠦᠨ ᠳᠤ ᠬᠠᠷᠢᠭᠤᠯᠲᠠ ᠥᠭᠴᠦ᠂ ᠴᠡᠭᠴᠡᠯᠡᠨ ᠰᠠᠶᠢᠵᠢᠷᠠᠭᠤᠯᠬᠤ ᠳᠤ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠠᠢ᠃
ᠪᠤᠯᠠᠭᠠᠨ ᠰᠤᠮᠤ ᠳᠤ᠂ ᠵᠠᠩ ᠪᠠᠢ ᠴᠧᠩ ᠤᠷᠤᠯᠭ᠎ᠠ ᠵᠠᠷᠤᠯᠭ᠎ᠠ ᠶᠢᠨ ᠳᠠᠩᠰᠠ ᠲᠡᠮᠳᠡᠭᠯᠡᠵᠦ ᠪᠠᠶᠢᠭ᠎ᠠ ᠭᠡᠰᠡᠭ ᠡᠷᠦᠬᠡ ᠳᠤ ᠬᠦᠷᠴᠦ᠂ ᠤᠯᠠᠨ ᠲᠦᠮᠡᠨ ᠲᠠᠢ ᠳᠣᠲᠣᠨᠣ ᠪᠠᠷ ᠶᠠᠷᠢᠯᠴᠠᠠ᠂ ᠮᠠᠯ ᠠᠵᠦ ᠠᠬᠤᠢ ᠶᠢᠨ ᠡᠵᠡᠩᠨᠡᠯᠲᠡ᠂ ᠣᠷᠣᠯᠭ᠎ᠠ ᠶᠢᠨ ᠢᠷᠡᠯᠲᠡ᠂ ᠨᠥᠬᠦᠪᠦᠷᠢ ᠬᠦᠷᠲᠡᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ᠂ ᠭᠠᠷ ᠤᠲᠠᠰᠤᠨ ᠳᠡᠭᠡᠷᠡᠬᠢ ᠡᠳᠦᠷ ᠶᠢᠨ ᠳᠠᠩᠰᠠᠠ ᠲᠡᠮᠳᠡᠭᠯᠡᠯ ᠢ ᠪᠠᠶᠢᠴᠠᠭᠠᠨ ᠦᠵᠡᠵᠦ᠂ ᠲᠤᠭ᠎ᠠ ᠪᠠᠷᠢᠮᠲᠠ ᠶᠢᠨ ᠲᠡᠮᠳᠡᠭᠯᠡᠯ ᠪᠣᠯᠣᠨ ᠬᠢᠨᠠᠨ ᠪᠠᠶᠢᠴᠠᠭᠠᠬᠤ ᠠᠵᠢᠯ ᠢ ᠰᠢᠯᠢᠳᠡᠭᠵᠢᠭᠦᠯᠬᠦ ᠲᠤᠬᠠᠢ ᠰᠠᠨᠠᠯ ᠰᠠᠨᠠᠭᠤᠯᠭ᠎ᠠ ᠳᠤᠷᠠᠳᠴᠠᠢ᠃ ᠲᠡᠷᠡ ᠴᠢᠬᠤᠯᠠᠴᠢᠯᠠᠬᠤ ᠳᠠᠭᠠᠨ᠂ ᠲᠠᠩᠰᠠ ᠲᠡᠮᠳᠡᠭᠯᠡᠵᠦ ᠪᠠᠶᠢᠭ᠎ᠠ ᠡᠷᠦᠬᠡ ᠶᠢᠨ ᠬᠠᠮᠢᠶ᠎ᠠ ᠪᠦᠬᠦᠢ ᠲᠤᠭ᠎ᠠ ᠪᠠᠷᠢᠮᠲᠠ ᠪᠣᠯ ᠵᠠᠰᠠᠭ ᠤᠨ ᠣᠷᠳᠣᠨ ᠤ ᠠᠷᠠᠳ ᠤᠨ ᠠᠮᠢᠳᠤᠷᠠᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠬᠤ ᠶᠢᠨ ᠴᠢᠬᠤᠯᠠ ᠦᠨᠳᠦᠰᠦᠯᠡᠯ ᠮᠥᠨ᠂ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠲᠠᠢ ᠨᠢᠭᠲᠠ ᠬᠤᠯᠪᠣᠭ᠎ᠠ ᠲᠠᠢ ᠶᠤᠮ᠂ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠪᠠᠶᠢᠡᠭᠭᠤ ᠠᠰᠠᠭᠤᠨ ᠰᠤᠷᠪᠤᠯᠵᠢᠯᠠᠨ ᠪᠠᠶᠢᠴᠠᠭᠠᠵᠦ ᠲᠠᠩᠰᠠᠯᠠᠨ ᠳᠡᠮᠳᠡᠭᠯᠡᠵᠦ᠂ ᠲᠤᠭ᠎ᠠ ᠪᠠᠷᠢᠮᠲᠠ ᠶᠢ ᠬᠠᠷᠭᠤᠭᠤᠯᠤᠨ ᠪᠠᠶᠢᠴᠠᠭᠠᠬᠤ ᠠᠵᠢᠯ ᠢ ᠬᠢᠨᠠᠮᠠᠭᠠᠢ ᠰᠠᠶᠢᠲᠤᠷ ᠬᠢᠵᠦ᠂ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠲᠠᠩᠰᠠᠨ ᠳᠠᠬᠢ ᠲᠤᠭ᠎ᠠ ᠪᠠᠷᠢᠮᠲᠠ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠬᠢᠷᠢ ᠲᠦᠪᠰᠢᠨ ᠢ ᠦᠨᠡᠨ ᠪᠣᠳᠠᠲᠠᠢ ᠪᠠᠷ ᠲᠤᠰᠬᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠦᠨᠳᠦᠰᠦᠨ ᠱᠠᠲᠤᠨ ᠤ ᠬᠠᠪᠰᠤᠷᠤᠨ ᠪᠠᠶᠢᠴᠠᠭᠠᠬᠴᠢ ᠶᠢᠨ ᠲᠤᠬᠠᠶᠢᠯᠠᠭᠰᠠᠨ ᠠᠵᠢᠯ ᠢ ᠱᠠᠯᠠᠪᠳᠠᠭᠤᠯᠤᠨ ᠵᠢᠯᠤᠭᠤᠳᠬᠤ ᠪᠠ ᠰᠢᠯᠭᠠᠨ ᠬᠢᠨᠠᠬᠤ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ᠂ ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠷᠠᠭᠤᠯᠵᠤ᠂ ᠠᠵᠢᠯ ᠤᠨ ᠠᠷᠭ᠎ᠠ ᠮᠠᠶ᠋ᠢᠭ ᠢ ᠰᠢᠯᠢᠳᠡᠭᠵᠢᠭᠦᠯᠦᠨ᠂ ᠦᠨᠳᠦᠰᠦᠨ ᠱᠠᠲᠤᠨ ᠤ ᠬᠠᠪᠰᠤᠷᠤᠨ ᠪᠠᠶᠢᠴᠠᠭᠠᠬᠴᠢ ᠶᠢᠨ ᠲᠤᠭ᠎ᠠ ᠪᠦᠷᠢᠳᠬᠡᠯ ᠤᠨ ᠴᠢᠳᠠᠪᠤᠷᠢ ᠪᠠ ᠦᠢᠯᠡᠴᠢᠯᠡᠭᠡᠨ ᠤ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠲᠠᠩᠰᠠ ᠲᠡᠮᠳᠡᠭᠯᠡᠵᠦ ᠪᠠᠶᠢᠭ᠎ᠠ ᠡᠷᠦᠬᠡ ᠶᠢᠨ《ᠤᠷᠤᠯᠭ᠎ᠠ ᠵᠠᠷᠤᠯᠭ᠎ᠠ ᠶᠢᠨ ᠳᠠᠩᠰᠠ》ᠪᠠᠨ ᠦᠨᠡᠨ ᠪᠣᠳᠠᠲᠠᠢ᠂ ᠴᠠᠭ ᠲᠤᠬᠠᠢ ᠳᠤᠨᠢ᠂ ᠣᠨᠣᠪᠴᠢᠲᠠᠶ ᠬᠠᠪᠰᠤᠷᠤᠯᠭ᠎ᠠ ᠦᠵᠡᠬᠦᠯᠬᠦ ᠬᠡᠷᠡᠭᠲᠡᠢ ᠭᠡᠵᠠᠢ᠃