ᠵᠤᠬᠢᠶᠠᠭᠴᠢ:
ᠴᠠᠭ:2025-06-25
ᠥᠵᠡᠭᠰᠡᠨ : ℃
ᠢᠷᠡᠯᠲᠡ: ᠮᠣᠩᠭᠣᠯ ᠰᠦᠯᠵᠢᠶ᠎ᠡ
ᠵᠠᠩ ᠪᠠᠢ ᠴᠧᠩ ᠳᠣᠯᠣᠨᠨᠤᠤᠷ ᠰᠤᠳᠤᠯᠤᠯᠲᠠ ᠬᠢᠵᠦ ᠵᠢᠯᠣᠭᠤᠳᠪᠠ
ᠣᠷᠴᠢᠮ ᠳᠤ ᠥᠪᠡᠷᠲᠡᠭᠡᠨ ᠵᠠᠰᠠᠬᠤ ᠤᠯᠤᠰ ᠲᠦᠷᠦ ᠵᠢᠨ ᠵᠥᠪᠯᠡᠯᠭᠡᠨ ᠳᠡᠳ᠋ ᠲᠡᠷᠢᠭᠦᠯᠡᠭᠴᠢ᠂ ᠱᠦᠵᠢ ᠵᠠᠩ ᠪᠠᠢ ᠴᠧᠩ ᠲᠤᠯᠤᠨᠨᠤᠤᠷ ᠠᠮᠢ ᠠᠬᠤᠢ ᠣᠷᠴᠢᠨ ᠬᠠᠮᠠᠭ᠋ᠠᠯᠠᠯᠲᠠ ᠪᠣᠯᠣᠨ ᠬᠥᠳᠡᠭᠡ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠰᠤᠳᠤᠯᠵᠤ ᠱᠠᠯᠠᠪᠳᠠᠭᠤᠯᠤᠨ ᠵᠢᠯᠤᠭᠤᠳᠬᠤ ᠵᠢᠨ ᠬᠠᠮᠲᠤ ᠭᠤᠤᠯ ᠲᠤᠭᠤᠷᠢᠨ ᠃
ᠵᠠᠩ ᠪᠠᠢ ᠴᠧᠩ ᠤᠷᠢᠳ ᠬᠤᠵᠢᠳ ᠯᠤᠸᠠᠨ ᠾᠧ ᠡᠬᠢ᠂ ᠳ᠋ᠠ ᠾᠧ ᠺᠧᠦ ᠴᠥᠭᠦᠷᠥᠮ ᠬᠦᠷᠴᠦ᠂ ᠭᠤᠣᠯ ᠤᠨ ᠣᠷᠴᠢᠨ ᠲᠣᠭᠤᠷᠢᠨ ᠵᠠᠰᠠᠬᠤ᠂ ᠤᠰᠤᠨ ᠡᠬᠢ ᠪᠠᠶᠠᠯᠢᠭ ᠬᠠᠮᠢᠶᠠᠷᠤᠨ ᠠᠰᠢᠭᠯᠠᠬᠤ ᠵᠡᠷᠭᠡ ᠦᠵᠡᠪᠡ᠃ ᠲᠡᠷᠡ᠂ ᠰᠢ ᠵᠢᠨ ᠫᠢᠩ ᠠᠮᠢ ᠠᠬᠤᠢ ᠵᠢᠨ ᠪᠣᠯᠪᠠᠰᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠂ ᠪᠣᠬᠢᠷᠲᠤᠯ ᠦᠭᠡᠢ ᠬᠥᠭᠵᠢᠯᠲᠡ ᠵᠢᠨ ᠣᠨᠣᠯᠵᠢᠬᠤᠨ ᠦᠢ᠍ᠯᠡᠳᠦᠯᠭᠡᠵᠢᠭᠦᠯᠤᠨ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠬᠤ ᠰᠤᠷᠲᠠᠯ᠂ ᠪᠣᠳᠠᠲᠠᠢ ᠵᠢ ᠡᠷᠬᠢᠮᠯᠡᠭᠰᠡᠨ ᠬᠦᠴᠦᠲᠡᠢ ᠠᠷᠭ᠎ᠠ ᠬᠡᠮᠵᠢᠶ᠎ᠡ ᠪᠠᠷ ᠣᠷᠴᠢᠨ ᠵᠠᠰᠠᠯᠲᠠ ᠵᠢ ᠠᠬᠢᠭᠤᠯᠵᠤ᠂ ᠣᠷᠴᠢᠨ ᠶᠠᠰᠤ ᠴᠢᠨᠠᠷ ᠦᠨᠡᠨ ᠬᠦ᠌ ᠬᠡᠷᠡᠭᠲᠡᠢ᠃ ᠴᠢᠨᠠᠷ ᠬᠢᠨᠠᠨ ᠬᠡᠮᠵᠢᠬᠦ ᠰᠢᠰᠲ᠋ᠧᠮ ᠴᠢᠨᠠᠭᠰᠢᠳᠠ ᠲᠡᠭᠦᠯᠳᠡᠷᠵᠢᠭᠦᠯᠵᠦ᠂ ᠪᠣᠬᠢᠷᠲᠤᠯ ᠡᠬᠢ ᠵᠢ ᠴᠠᠬᠳᠠᠨ ᠵᠢ ᠂ ᠬᠤᠪᠢᠷᠠᠯᠲᠠ ᠵᠢ ᠣᠨᠣᠪᠴᠢᠲᠠᠢ ᠡᠵᠡᠮᠰᠢᠵᠦ᠂ ᠠᠮᠤᠷ ᠱᠤᠭᠤᠮ ᠴᠢᠩᠭ᠎ᠠ ᠰᠠᠬᠢᠬᠤ ᠬᠡᠷᠡᠭᠲᠡᠢ᠃ ᠤᠰᠤᠨ ᠠᠰᠢᠭᠯᠠᠯᠲᠠ ᠵᠢᠨ ᠰᠠᠭᠤᠷᠢ ᠪᠡᠯᠡᠳᠭᠡᠮᠵᠢ ᠵᠢᠨ ᠪᠦᠲᠦᠭᠡᠨ ᠵᠢ ᠦᠷᠭᠦᠯᠵᠢᠯᠡᠨ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠰᠢᠨᠵᠢᠯᠡᠬᠦ ᠲᠥᠯᠥᠪᠵᠢᠭᠦᠯᠦᠨ᠂ ᠭᠠᠵᠠᠷ ᠲᠣᠬᠢᠷᠠᠭᠤᠯᠤᠨ ᠴᠥᠭᠦᠷᠥᠮ ᠤᠯᠠᠨ ᠲᠡᠰ ᠳᠠᠪᠬᠤᠷᠭ᠎ᠠ ᠪᠠᠷ ᠠᠰᠢᠭᠯᠠᠬᠤ ᠵᠢ ᠰᠦᠪᠡᠭᠴᠢᠯᠡᠵᠦ᠂ ᠤᠰᠤᠨ ᠠᠰᠢᠭᠯᠠᠯᠲᠠ ᠵᠢᠨ ᠰᠠᠭᠤᠷᠢ ᠪᠡᠯᠡᠳᠭᠡᠮᠵᠢ ᠵᠢᠨ ᠠᠮᠢ ᠠᠬᠤᠢ ᠵᠢᠨ ᠠᠵᠤ ᠠᠬᠤᠢ ᠵᠢᠨ ᠦᠷᠳᠡᠭ ᠬᠤᠪᠢᠷᠠᠭᠤᠯᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠯᠤᠸᠠᠨ ᠾᠧ ᠤᠰᠤᠨ ᠰᠢᠰᠲ᠋ᠧᠮ ᠪᠠᠶᠠᠨᠪᠤᠯᠠᠭ ᠂ ᠵᠠᠩ ᠪᠠᠢ ᠴᠧᠩ ᠤᠰᠤᠨ ᠰᠢᠰᠲ᠋ᠧᠮ ᠴᠡᠭᠴᠡᠯᠡᠨ ᠵᠠᠰᠠᠬᠤ ᠢᠨᠵᠧᠨᠧᠷᠢᠩ ᠲᠦᠷᠦᠯ ᠵᠦᠢ᠍ᠯ ᠪᠦᠲᠦᠭᠡᠨ ᠨᠠᠷᠢᠨ ᠣᠶᠢᠯᠠᠭᠠᠪᠠ᠃ ᠲᠡᠷᠡ᠂ ᠵᠢᠷᠤᠭ ᠲᠥᠯᠥᠪᠯᠡᠭᠡ ᠵᠢᠨ ᠲᠥᠰᠥᠯ ᠴᠢᠩᠭ᠎ᠠ ᠵᠢᠷᠤᠮᠯᠠᠨ ᠪᠠᠷᠢᠯᠭ᠎ᠠ ᠵᠢᠨ ᠠᠵᠢᠯ ᠥᠨᠳᠥᠷ ᠪᠠᠷᠢᠮᠵᠢᠶ᠎ᠠ ᠪᠠᠷ ᠴᠢᠨᠠᠷ ᠵᠣᠬᠢᠶᠠᠨ ᠂ ᠪᠠᠷᠢᠯᠭ᠎ᠠ ᠵᠢᠨ ᠠᠬᠢᠴᠠ ᠵᠢ ᠪᠦᠬᠦ ᠬᠦᠴᠦᠨ ᠵᠶ᠋ᠠᠷ ᠵᠶ᠋ᠠᠨ ᠲᠦᠷᠭᠡᠳᠬᠡᠬᠦ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠦᠲᠦᠭᠡᠨ ᠬᠠᠷᠢᠭᠤᠴᠠᠯᠭ᠎ᠠ ᠵᠢ ᠱᠠᠲᠤ ᠱᠠᠲᠤ ᠪᠠᠷ ᠂ ᠪᠠᠷᠢᠯᠭ᠎ᠠ ᠵᠢᠨ ᠶᠠᠰᠤ ᠴᠢᠨᠠᠷ ᠪᠠ ᠪᠡᠯᠡ ᠮᠥᠩᠭᠦ ᠵᠢᠨ ᠬᠡᠷᠡᠭᠯᠡᠯᠲᠡ ᠵᠢᠨ ᠬᠢᠨᠠᠯᠲᠠ ᠬᠠᠮᠢᠶᠠᠷᠤᠯᠲᠠ ᠵᠢ ᠂ ᠪᠠᠷᠢᠯᠭ᠎ᠠ ᠵᠢᠨ ᠲᠥᠷᠥᠯ ᠵᠦᠢ᠍ᠯ ᠬᠤᠭᠤᠴᠠᠭ᠎ᠠ ᠶᠣᠰᠣᠭᠠᠷ ᠪᠡᠶᠡᠯᠡᠭᠦᠯᠭᠦ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠵᠠᠩ ᠪᠠᠢ ᠴᠧᠩ ᠪᠠᠰᠠ ᠯᠤᠸᠠᠨ ᠶᠤᠸᠠᠨ ᠬᠥᠳᠡᠭᠡ ᠲᠣᠰᠬᠤᠨ ᠬᠥᠭᠵᠢᠭᠦᠯᠦᠨ ᠮᠠᠨᠳᠤᠭᠤᠯᠬᠤ ᠠᠵᠢᠯ ᠰᠤᠳᠤᠯᠵᠤ᠂ ᠬᠥᠳᠡᠭᠡ ᠲᠣᠰᠬᠤᠨ ᠬᠥᠮᠥᠰ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠴᠡᠭᠴᠡᠯᠡᠨ ᠵᠠᠰᠠᠬᠤ ᠡᠷᠴᠢᠮ ᠤᠯᠠᠮ ᠂ ᠮᠠᠯᠴᠢᠨ ᠲᠠᠷᠢᠶᠠᠴᠢᠨ ᠤᠯᠠᠮᠵᠢᠯᠠᠯᠲᠤ ᠲᠡᠵᠢᠭᠡᠨ ᠦᠷᠡᠵᠢᠭᠦᠯᠬᠦ ᠠᠷᠭ᠎ᠠ ᠬᠡᠯᠪᠡᠷᠢ ᠪᠠᠨ ᠬᠤᠪᠢᠷᠠᠭᠤᠯᠬᠤ ᠵᠢ ᠢᠳᠡᠪᠬᠢᠲᠡᠢ ᠬᠥᠲᠥᠯᠥᠨ ᠵᠢᠯᠤᠭᠤᠳᠴᠤ᠂ ᠬᠠᠰᠢᠶᠠᠯᠠᠨ ᠪᠤᠷᠳᠤᠵᠦ ᠲᠡᠵᠢᠭᠡᠬᠦ ᠵᠢ ᠬᠥᠭᠵᠢᠭᠦᠯᠤᠨ᠂ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠪᠠᠷ ᠳᠠᠮᠵᠢᠭᠤᠯᠤᠨ ᠬᠥᠳᠡᠭᠡ ᠲᠣᠰᠬᠤᠨ ᠬᠠᠮᠲᠤ ᠵᠢᠨ ᠠᠵᠤ ᠠᠬᠤᠢ ᠵᠢ ᠂ ᠮᠠᠯ ᠠᠵᠤ ᠠᠬᠤᠢ ᠵᠢᠨ ᠴᠢᠨᠠᠷ ᠬᠥᠭᠵᠢᠯᠲᠡ ᠵᠢ ᠠᠬᠢᠭᠤᠯᠬᠤ ᠬᠡᠷᠡᠭᠲᠡᠢ᠃ ᠭᠠᠵᠠᠷ ᠲᠣᠬᠢᠷᠠᠭᠤᠯᠤᠨ ᠬᠥᠳᠡᠭᠡ ᠭᠠᠵᠠᠷ ᠰᠢᠷᠣᠢ ᠵᠢ ᠵᠣᠬᠢᠰᠲᠠᠢ ᠬᠡᠪᠴᠢᠶᠡᠵᠢᠭᠦᠯᠦᠨ ᠡᠵᠡᠩᠨᠡᠬᠦ ᠵᠢ ᠠᠬᠢᠭᠤᠯᠵᠤ᠂ ᠬᠥᠳᠡᠭᠡ ᠭᠠᠵᠠᠷ ᠰᠢᠷᠣᠢ ᠵᠢ ᠡᠷᠴᠢᠮᠵᠢᠭᠰᠡᠨ᠂ ᠬᠡᠪᠴᠢᠶᠡᠵᠢᠭᠰᠡᠨ ᠴᠢᠭᠯᠡᠯ ᠵᠶ᠋ᠠᠷ ᠬᠥᠭᠵᠢᠭᠦᠯᠦᠨ᠂ ᠮᠠᠯᠴᠢᠨ ᠲᠠᠷᠢᠶᠠᠴᠢᠨ ᠠᠵᠤ ᠦᠢ᠍ᠯᠡᠰ ᠲᠤ ᠣᠷᠣᠯᠴᠠᠭᠤᠯᠵᠤ᠂ ᠠᠰᠢᠭ ᠣᠷᠤᠯᠭ᠎ᠠ ᠵᠢ ᠬᠤᠪᠢᠶᠠᠯᠴᠠᠨ ᠡᠳ᠋ᠯᠡᠭᠦᠯᠵᠦ᠂ ᠣᠷᠣᠯᠭ᠎ᠠ ᠵᠢ ᠨᠢ ᠨᠡᠮᠡᠭᠳᠡᠭᠦᠯᠦᠨ ᠪᠠᠶᠠᠵᠢᠭᠤᠯᠵᠤ᠂ ᠬᠥᠳᠡᠭᠡ ᠲᠣᠰᠬᠤᠨ ᠬᠥᠭᠵᠢᠭᠦᠯᠦᠨ ᠮᠠᠨᠳᠤᠭᠤᠯᠬᠤ ᠠᠵᠢᠯ ᠰᠢᠨ᠎ᠡ ᠠᠬᠢᠴᠠᠲᠠᠢ ᠪᠣᠯᠬᠤ ᠵᠢ ᠪᠦᠲᠦᠮᠵᠢᠲᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃