ᠵᠤᠬᠢᠶᠠᠭᠴᠢ:
ᠴᠠᠭ:2025-08-14
ᠥᠵᠡᠭᠰᠡᠨ : ℃
ᠢᠷᠡᠯᠲᠡ: ᠭᠣᠣᠯ ᠠᠶᠢᠮᠠᠭ ᠤᠨ ᠵᠠᠬᠢᠷᠭ᠎ᠠ ᠮᠣᠩᠭᠣᠯ ᠰᠦᠯᠵᠢᠶ᠎ᠡ
ᠭᠣᠣᠯ ᠤᠨ ᠵᠠᠬᠢᠷᠭ᠎ᠠ ᠬᠢᠭᠡᠳ ᠥᠪᠥᠷ ᠮᠣᠩᠭᠣᠯ ᠤᠨ ᠶᠡᠬᠡ ᠰᠤᠷᠭᠠᠭᠤᠯᠢ ᠪᠠᠢᠢᠯᠳᠤᠬᠤ ᠬᠠᠮᠲᠤᠷᠠᠯᠴᠠᠭᠠᠨ ᠤ ᠵᠥᠪᠳᠡᠯᠴᠡᠭᠡᠷ ᠲᠤᠬᠲᠠᠪᠠ
2025 8 7 ᠤ ᠡᠳᠦᠷ᠂ ᠭᠣᠣᠯ ᠤᠨ ᠵᠠᠬᠢᠷᠭ᠎ᠠ ᠬᠢᠭᠡᠳ ᠥᠪᠥᠷ ᠮᠣᠩᠭᠣᠯ ᠤᠨ ᠶᠡᠬᠡ ᠰᠤᠷᠭᠠᠭᠤᠯᠢ ᠬᠠᠮᠲᠤᠷᠠᠯᠴᠠᠭᠠᠨ ᠤ ᠵᠥᠪᠳᠡᠯᠴᠡᠭᠡᠷ ᠲᠤᠬᠲᠠᠪᠠ᠃ ᠤᠨ ᠨᠠᠮ ᠤᠨ ᠬᠣᠷᠢᠶᠠᠨ ᠤ ᠳᠡᠳ᠋ ᠱᠦᠵᠢ᠂ ᠤᠨ ᠳᠠᠷᠤᠭ᠎ᠠ ᠭᠦᠸᠧ ᠢᠦᠢ ᠹᠧᠩ᠂ ᠥᠪᠥᠷ ᠮᠣᠩᠭᠣᠯ ᠤᠨ ᠶᠡᠬᠡ ᠨᠠᠮ ᠤᠨ ᠬᠣᠷᠢᠶᠠᠨ ᠤ ᠳᠡᠳ᠋ ᠱᠦᠵᠢ᠂ ᠵᠠᠬᠢᠷᠤᠯ ᠵᠠᠩ ᠵᠢᠶᠦ᠋ᠨ ᠵᠦᠪᠳᠡᠯᠴᠡᠭᠡᠷ ᠲᠤᠬᠲᠠᠬᠤ ᠶᠣᠰᠣᠯᠠᠯ ᠳᠤ ᠣᠷᠣᠯᠴᠠᠭᠰᠠᠨ ᠪᠥᠭᠡᠳ ᠬᠠᠮᠲᠤᠷᠠᠯᠴᠠᠭ᠎ᠠ ᠪᠠᠨ ᠭᠦᠨᠵᠡᠭᠡᠢᠢᠷᠡᠭᠦᠯᠬᠦ ᠲᠤᠬᠠᠢ ᠶᠠᠷᠢᠯᠴᠠᠬᠤ ᠬᠤᠷᠠᠯ ᠬᠢᠵᠡᠢ᠃ ᠭᠦᠸᠧ ᠢᠦᠢ ᠹᠸᠩ ᠬᠡᠯᠡᠬᠦ ᠳᠡᠭᠡᠨ᠂ ᠣᠳᠣᠬᠠᠨ ᠳᠤ᠂ ᠭᠣᠣᠯ ᠨᠢᠭᠡᠳᠬᠡᠨ ᠬᠦᠴᠦ ᠪᠠᠨ ᠬᠠᠮᠲᠤᠳᠬᠠᠵᠤ ᠬᠣᠶᠠᠷ ᠶᠡᠬᠡ ᠶᠠᠪᠤᠳᠠᠯ ᠢ ᠬᠢᠵᠦ᠂ ᠰᠠᠭᠤᠷᠢ ᠰᠤᠷᠭᠠᠨ ᠬᠥᠮᠦᠵᠢᠯ ᠤᠨ ᠰᠢᠯᠢᠳᠡᠭ ᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ᠂ ᠳᠡᠭᠡᠳᠦ ᠰᠤᠷᠭᠠᠨ ᠬᠥᠮᠦᠵᠢᠯ ᠤᠨ ᠲᠡᠰ ᠳᠡᠪᠰᠢᠬᠦ ᠪᠦᠬᠦ ᠠᠬᠢᠭᠤᠯᠵᠤ᠂ ᠥᠨᠳᠥᠷ ᠬᠡᠪ ᠪᠣᠯᠪᠠᠰᠤᠷᠠᠯ ᠲᠠᠢ ᠴᠢᠳᠠᠪᠤᠷᠢᠲᠠᠨ᠂ ᠲᠡᠷᠢᠭᠦᠨ ᠤ ᠮᠡᠷᠭᠡᠵᠢᠯ᠂ ᠲᠤᠰᠬᠠᠢ ᠮᠡᠷᠭᠡᠵᠢᠯ ᠤᠨ ᠲᠤᠯᠭᠠᠭᠤᠷᠢᠯᠠᠯ ᠤᠨ ᠬᠡᠷᠡᠭᠴᠡᠭᠡ ᠮᠠᠰᠢ ᠲᠤᠯᠭᠠᠮ ᠃ ᠲᠤᠰ ᠤᠳᠠᠭ᠎ᠠ ᠬᠠᠮᠲᠤᠷᠠᠯᠴᠠᠭ᠎ᠠ ᠪᠠᠷ ᠠᠵᠠ ᠲᠣᠬᠢᠶᠠᠯ ᠪᠣᠯᠭᠠᠵᠤ᠂ ᠥᠪᠥᠷ ᠮᠣᠩᠭᠣᠯ ᠤᠨ ᠶᠡᠬᠡ ᠬᠢᠨ ᠰᠤᠷᠭᠠᠨ ᠬᠥᠮᠦᠵᠢᠯ᠂ ᠴᠢᠳᠠᠪᠤᠷᠢᠲᠠᠨ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠲᠠᠯ᠎ᠠ ᠳᠠᠪᠠᠭᠤᠯᠢᠭ ᠭᠦᠢᠴᠡᠳ ᠪᠠᠳᠠᠷᠠᠭᠤᠯᠵᠤ᠂ ᠨᠡᠩ ᠤᠯᠠᠨ ᠬᠣᠰᠢᠭᠤᠴᠢ ᠂ ᠡᠭᠦᠳᠦᠭᠰᠡᠨ ᠦᠷ᠎ᠡ ᠪᠦᠲᠦᠭᠡᠯ᠂ ᠰᠢᠯᠢᠳᠡᠭ ᠡᠬᠢ ᠪᠠᠶᠠᠯᠢᠭ ᠢ ᠭᠣᠣᠯ ᠲᠤ ᠣᠷᠣᠭᠤᠯᠵᠤ᠂ ᠭᠣᠣᠯ ᠤᠨ ᠴᠢᠨᠠᠷ ᠬᠥᠭᠵᠢᠯᠲᠡ ᠳᠤ ᠨᠡᠩ ᠪᠠᠲᠤ ᠪᠡᠬᠢ ᠤᠶᠤᠨ ᠤ ᠲᠤᠯᠭᠠᠭᠤᠷᠢᠯᠠᠯ ᠪᠠ ᠡᠭᠦᠳᠬᠦ ᠬᠥᠳᠡᠯᠭᠡᠬᠦ ᠬᠦᠴᠦᠨ ᠬᠠᠩᠭᠠᠵᠤ᠂ ᠰᠤᠷᠭᠠᠭᠤᠯᠢ ᠪᠠ ᠣᠷᠣᠨ ᠨᠤᠲᠤᠭ ᠠ᠋ᠭᠤᠰᠤᠯᠴᠠᠨ ᠬᠥᠭᠵᠢᠭᠦ ᠢ ᠡᠭᠦᠳᠬᠦ ᠬᠦᠰᠡᠵᠦ ᠭᠡᠵᠠᠢ᠃ ᠵᠠᠩ ᠵᠢᠶᠦ᠋ᠨ ᠳᠡᠭᠡᠨ᠂ ᠭᠣᠣᠯ ᠤᠨ ᠰᠤᠷᠭᠠᠨ ᠬᠥᠮᠦᠵᠢᠯ ᠤᠨ ᠰᠠᠭᠤᠷᠢ ᠪᠠᠲᠤ ᠪᠡᠬᠢ᠂ ᠪᠠᠭᠰᠢ ᠵᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠠᠭᠤᠷ ᠠᠮᠢᠰᠬᠤᠯ ᠭᠦᠨ ᠵᠤᠵᠠᠭᠠᠨ᠂ ᠬᠥᠭᠵᠢᠯᠲᠡ ᠵᠢᠨ ᠢᠷᠡᠭᠡᠳᠦᠢ ᠰᠠᠷᠠᠭᠤᠯ ᠠᠭᠤᠳᠠᠮ ᠃ ᠥᠪᠥᠷ ᠮᠣᠩᠭᠣᠯ ᠤᠨ ᠶᠡᠬᠡ ᠰᠤᠷᠭᠠᠭᠤᠯᠢ ᠪᠣᠯᠣᠨ ᠭᠣᠣᠯ ᠤᠨ ᠬᠠᠮᠲᠤᠷᠠᠯᠴᠠᠭ᠎ᠠ ᠠᠯᠢ ᠡᠷᠲᠡ ᠠᠴᠠ ᠡᠬᠢᠯᠡᠵᠦ᠂ ᠰᠢᠨᠵᠢᠯᠡᠭᠡᠨ ᠤ ᠰᠠᠯᠠᠭ᠎ᠠ ᠂ ᠰᠢᠨᠵᠢᠯᠡᠬᠦ ᠤᠬᠠᠭᠠᠨ ᠤ ᠰᠤᠳᠤᠯᠭᠠᠨ ᠤ ᠴᠢᠭᠯᠡᠯ ᠨᠢ ᠭᠣᠣᠯ ᠤᠨ ᠢᠷᠡᠭᠡᠳᠦᠢ ᠬᠥᠭᠵᠢᠯᠲᠡ ᠵᠢᠨ ᠬᠡᠷᠡᠭᠴᠡᠭᠡ ᠲᠠᠢ ᠳᠡᠭᠡᠳᠦ ᠬᠡᠮᠵᠢᠶ᠎ᠡ ᠪᠠᠷ ᠵᠤᠬᠢᠴᠠᠵᠦ ᠂ ᠲᠣᠰ ᠤᠳᠠᠭᠠᠨ ᠤ ᠵᠦᠪᠳᠡᠯᠴᠡᠭᠡᠷ ᠲᠣᠭᠲᠠᠬᠰᠠᠨ ᠰᠢᠨ᠎ᠡ ᠭᠠᠷᠤᠭ᠎ᠠ ᠪᠣᠯᠭᠠᠵᠤ᠂ ᠰᠠᠭᠤᠷᠢ ᠰᠤᠷᠭᠠᠨ ᠬᠥᠮᠦᠵᠢᠯ᠂ ᠳᠡᠭᠡᠳᠦ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠡᠭᠦᠳᠬᠦ᠂ ᠠᠵᠢᠯ ᠣᠯᠵᠤ ᠦᠢᠯᠡᠰ ᠪᠤᠰᠬᠠᠬᠤ᠂ ᠴᠢᠳᠠᠪᠤᠷᠢᠲᠠᠨ ᠢ ᠬᠠᠮᠲᠤ ᠪᠠᠷ ᠬᠥᠮᠥᠵᠢᠭᠦᠯᠬᠦ᠂ ᠰᠠᠭᠤᠷᠢᠨ ᠭᠠᠵᠠᠷ ᠢ ᠬᠠᠮᠲᠤ ᠪᠠᠷ ᠵᠡᠷᠭᠡ ᠲᠠᠯ᠎ᠠ ᠳᠤ ᠠᠩᠬᠠᠷᠤᠯ ᠲᠥᠪᠯᠡᠷᠡᠭᠦᠯᠦᠨ ᠰᠤᠷᠭᠠᠭᠤᠯᠢ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠬᠦᠷᠢᠶ᠎ᠡ ᠥᠷᠭᠡᠳᠬᠡᠵᠦ᠂ ᠡᠭᠦᠳᠬᠦ ᠬᠠᠮᠲᠤᠷᠠᠯᠴᠠᠭᠠᠨ ᠤ ᠵᠠᠭᠪᠤᠷ ᠢ ᠰᠦᠪᠡᠭᠴᠢᠯᠡᠵᠦ᠂ ᠭᠣᠣᠯ ᠤᠨ ᠰᠤᠷᠭᠠᠨ ᠬᠥᠮᠦᠵᠢᠯ ᠤᠨ ᠦᠢᠯᠡᠰ ᠪᠠ ᠣᠷᠣᠨ ᠪᠦᠰᠡ ᠠᠵᠤ ᠠᠬᠤᠢ ᠤᠨ ᠬᠥᠭᠵᠢᠯᠲᠡ ᠳᠤ ᠭᠠᠷ ᠬᠣᠯᠪᠣᠨ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠠᠢ᠃ ᠤᠨ ᠨᠠᠮ ᠤᠨ ᠬᠣᠷᠢᠶᠠᠨ ᠤ ᠭᠡᠰᠢᠭᠦᠨ᠂ ᠤᠨ ᠳᠡᠳ᠋ ᠳᠠᠷᠤᠭ᠎ᠠ ᠵᠠᠩ ᠢ᠂ ᠡᠷᠢᠶᠡᠨ ᠬᠣᠲᠠ ᠨᠠᠮ ᠤᠨ ᠬᠣᠷᠢᠶᠠᠨ ᠤ ᠳᠡᠳ᠋ ᠱᠦᠵᠢ᠂ ᠬᠣᠲᠠ ᠳᠠᠷᠤᠭ᠎ᠠ ᠮᠠ ᠬᠠᠢ ᠲᠤᠤ᠂ ᠭᠣᠣᠯ ᠠᠵᠢᠯ ᠮᠡᠷᠭᠡᠵᠢᠯ ᠤᠨ ᠳᠡᠭᠡᠳᠦ ᠨᠠᠮ ᠤᠨ ᠬᠣᠷᠢᠶᠠᠨ ᠤ ᠱᠦᠵᠢ ᠯᠢᠦ ᠠᠵᠢᠯᠯᠠᠭ᠎ᠠ ᠳᠤ ᠣᠷᠣᠯᠴᠠᠵᠠᠢ᠃