ᠵᠤᠬᠢᠶᠠᠭᠴᠢ:
ᠴᠠᠭ:2025-11-21
ᠥᠵᠡᠭᠰᠡᠨ : ℃
ᠢᠷᠡᠯᠲᠡ:
ᠭᠤᠷᠪᠠᠳᠤᠭᠠᠷ ᠡᠭᠡᠯᠵᠢ ᠢᠢᠨ ᠲᠠᠪᠤᠳᠤᠭᠠᠷ ᠪᠦᠯᠦᠭ ᠦᠨ ᠲᠥᠪ ᠦᠨ ᠠᠮᠢ ᠠᠬᠤᠶ ᠣᠷᠴᠢᠨ ᠲᠣᠭᠣᠷᠢᠨ ᠤ ᠬᠠᠮᠠᠭᠠᠯᠠᠯᠲᠠ ᠢᠢᠨ ᠬᠢᠨᠡᠨ ᠪᠠᠶᠢᠴᠠᠭᠠᠯᠲᠠ ᠪᠥᠬᠥ ᠲᠠᠯ᠎ᠠ ᠪᠠᠷ ᠡᠬᠢᠯᠡᠪᠡ
ᠠᠮᠢ ᠠᠬᠤᠢ ᠣᠷᠴᠢᠨ ᠲᠣᠭᠣᠷᠢᠨ ᠤ ᠶᠠᠮᠤᠨ 2025 11 15 ᠤ᠋ ᠡᠳᠦᠷ ᠮᠡᠳᠡᠭᠡ ᠨᠡᠶᠢᠲᠡᠯᠡᠵᠦ᠂ ᠨᠠᠮ ᠤᠨ ᠲᠥᠪ ᠬᠣᠷᠢᠶ᠎ᠠ᠂ ᠲᠦᠷᠦ ᠢᠢᠨ ᠶᠠᠪᠤᠳᠠᠯ ᠤᠨ ᠬᠣᠷᠢᠶ᠎ᠠ ᠪᠠᠷ ᠵᠥᠪᠰᠢᠶᠡᠷᠡᠭᠦᠯᠦᠭᠡᠳ᠂ ᠭᠤᠷᠪᠠᠳᠤᠭᠠᠷ ᠡᠭᠡᠯᠵᠢ ᠢᠢᠨ ᠲᠠᠪᠤᠳᠤᠭᠠᠷ ᠪᠦᠯᠦᠭ ᠦᠨ ᠲᠥᠪ ᠦᠨ ᠠᠮᠢ ᠠᠬᠤᠢ ᠣᠷᠴᠢᠨ ᠲᠣᠭᠣᠷᠢᠨ ᠤ ᠬᠠᠮᠠᠭᠠᠯᠠᠯᠲᠠ ᠢᠢᠨ ᠬᠢᠨᠡᠨ ᠪᠠᠶᠢᠴᠠᠭᠠᠯᠲᠠ ᠪᠦᠬᠦ ᠲᠠᠯ᠎ᠠ ᠪᠠᠷ ᠡᠬᠢᠯᠡᠵᠡᠢ ᠭᠡᠪᠡ᠃
ᠲᠤᠰ ᠪᠦᠯᠦᠭ ᠦᠨ ᠬᠢᠨᠡᠨ ᠪᠠᠶᠢᠴᠠᠭᠠᠯᠲᠠ ᠨᠢ ᠲᠥᠪ ᠦᠨ ᠠᠮᠢ ᠠᠬᠤᠢ ᠣᠷᠴᠢᠨ ᠲᠣᠭᠣᠷᠢᠨ ᠤ ᠬᠠᠮᠠᠭᠠᠯᠠᠯᠲᠠ ᠢᠢᠨ 8 ᠵᠤᠷᠰᠢᠯᠳᠤ ᠬᠢᠨᠡᠨ ᠪᠠᠶᠢᠴᠠᠭᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠪᠡᠭᠡᠵᠢᠩ᠂ ᠲᠢᠶᠠᠨᠵᠢᠨ᠂ ᠾᠸᠪᠸᠢ 3 ᠮᠤᠵᠢ︵ᠬᠤᠳᠠ︶᠂ ᠳᠤᠮᠳᠠᠳᠤ ᠤᠯᠤᠰ ᠤᠨ ᠬᠤᠸᠠ ᠳ᠋ᠢᠶᠠᠨ ᠪᠦᠯᠦᠭ᠍ᠯᠡᠯ ᠦᠨ ᠬᠢᠵᠠᠭᠠᠷᠲᠤ ᠺᠣᠮᠫᠠᠨᠢ᠂ ᠤᠯᠤᠰ ᠤᠨ ᠡᠨᠧᠷᠭᠢ ᠢᠢᠨ ᠪᠡᠯᠡ ᠣᠷᠣᠭᠤᠯᠤᠯᠲᠠ ᠢᠢᠨ ᠪᠦᠯᠦᠭ᠍ᠯᠡᠯ ᠦᠨ ᠬᠢᠵᠠᠭᠠᠷᠲᠤ ᠺᠣᠮᠫᠠᠨᠢ᠂ ᠠᠨ ᠭᠠᠩ ᠪᠦᠯᠦᠭ᠍ᠯᠡᠯ ᠦᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠪᠦᠦ ᠦ᠋ ᠪᠤᠯᠤᠳ ᠲᠡᠮᠦᠷ ᠦᠨ ᠪᠦᠯᠦᠭ᠍ᠯᠡᠯ ᠦᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ ᠵᠦᠩ ᠮᠧᠢ ᠡᠨᠧᠷᠭᠢ ᠢᠢᠨ ᠪᠦᠯᠦᠭ᠍ᠯᠡᠯ ᠦᠨ ᠬᠢᠵᠠᠭᠠᠷᠲᠤ ᠺᠣᠮᠫᠠᠨᠢ ᠵᠡᠷᠭᠡ 5 ᠲᠥᠪ ᠦᠨ ᠠᠵᠤ ᠠᠬᠤᠶᠢᠯᠠᠯ ᠳᠤ ᠵᠤᠷᠰᠢᠯᠳᠤ ᠬᠢᠨᠡᠨ ᠪᠠᠶᠢᠴᠠᠭᠠᠯᠲᠠ ᠥᠷᠨᠢᠭᠦᠯᠵᠦ᠂ ᠣᠷᠣᠵᠤ ᠰᠠᠭᠤᠬᠤ ᠴᠠᠭ ᠨᠢ 1 ᠰᠠᠷ᠎ᠠ ᠪᠣᠯᠤᠨ᠎ᠠ᠃
ᠡᠭᠦᠨ ᠦ ᠬᠠᠮᠲᠤ᠂ ᠲᠣᠰ ᠪᠦᠯᠦᠭ ᠦᠨ ᠬᠢᠨᠡᠨ ᠪᠠᠶᠢᠴᠠᠭᠠᠯᠲᠠ ᠨᠢ ᠪᠡᠭᠡᠵᠢᠩ᠂ ᠲᠢᠶᠠᠨᠵᠢᠨ᠂ ᠾᠸᠪᠸᠢ᠂ ᠱᠠᠨᠳᠦ᠋ᠩ᠂ ᠾᠧᠨᠠᠨ᠂ ᠠᠨᠾᠦ᠋ᠢ᠂ ᠵᠢᠶᠠᠩᠰᠦ᠂ ᠵᠧᠵᠢᠶᠠᠩ 8 ᠮᠤᠵᠢ︵ᠬᠣᠲᠠ︶ᠳ᠋ᠤ ᠶᠡᠬᠡ ᠲᠠᠲᠠᠮᠠᠯ ᠭᠤᠤᠯ ᠤᠨ ᠠᠮᠢ ᠠᠬᠤᠶ ᠣᠷᠴᠢᠨ ᠲᠤᠭᠤᠷᠢᠨ ᠤ ᠬᠠᠮᠠᠭᠠᠯᠠᠯᠲᠠ ᠲᠤᠰᠬᠠᠶ ᠬᠢᠨᠡᠨ ᠪᠠᠶᠢᠴᠠᠭᠠᠯᠲᠠ ᠥᠷᠨᠢᠭᠦᠯᠦᠨ᠎ᠡ᠃ ᠡᠭᠦᠨ ᠳᠦ᠂ ᠪᠡᠭᠡᠵᠢᠩ᠂ ᠲᠢᠶᠠᠨᠵᠢᠨ᠂ ᠾᠸᠪᠸᠢ 3 ᠮᠤᠵᠢ︵ᠬᠤᠳᠠ︶ᠳ᠋ᠤ ᠵᠤᠷᠰᠢᠯᠳᠤ ᠬᠢᠨᠡᠨ ᠪᠠᠶᠢᠴᠠᠭᠠᠯᠲᠠ ᠥᠷᠨᠢᠭᠦᠯᠬᠦ ᠳᠡᠭᠡᠨ ᠶᠡᠬᠡ ᠲᠠᠲᠠᠮᠠᠯ ᠭᠣᠣᠯ ᠤᠨ ᠰᠣᠶᠣᠯ ᠤᠨ ᠬᠠᠮᠠᠭᠠᠯᠠᠯᠲᠠ ᠢᠢ ᠤᠯᠠᠮᠵᠢᠯᠠᠨ ᠠᠰᠢᠭᠯᠠᠬᠤ ᠪᠠ ᠠᠮᠢ ᠠᠬᠤᠢ ᠣᠷᠴᠢᠨ ᠲᠣᠭᠣᠷᠢᠨ ᠤ ᠬᠠᠮᠠᠭᠠᠯᠠᠯᠲᠠ ᠢᠢ ᠬᠢᠨᠡᠨ ᠪᠠᠶᠢᠴᠠᠭᠠᠬᠤ ᠭᠣᠣᠯᠳᠠᠯᠭ᠎ᠠ ᠪᠣᠯᠭᠠᠨ᠎ᠠ ᠲᠤᠰᠬᠠᠶ ᠬᠢᠨᠡᠨ ᠪᠠᠶᠢᠴᠠᠭᠠᠬᠤ ᠳᠤᠭᠤᠶᠢᠯᠠᠩ ᠢ 2 ᠪᠠᠶᠢᠭᠤᠯᠵᠤ᠂ ᠵᠢᠶᠠᠩᠰᠦ᠂ ᠵᠧᠵᠢᠶᠠᠩ᠂ ᠠᠨᠾᠦ᠋ᠢ 3 ᠮᠤᠵᠢ᠂ ᠱᠠᠨᠳᠦ᠋ᠩ᠂ ᠾᠧᠨᠠᠨ 2 ᠮᠤᠵᠢ ᠢᠢ ᠲᠣᠰ ᠲᠣᠰ ᠬᠠᠷᠢᠭᠤᠴᠠᠵᠤ᠂ ᠣᠷᠣᠵᠤ ᠰᠠᠭᠤᠬᠤ ᠴᠠᠭ ᠨᠢ ᠬᠣᠶᠠᠷ ᠭᠠᠷᠠᠭ ᠣᠷᠴᠢᠮ ᠪᠣᠯᠤᠨ᠎ᠠ᠃
ᠬᠢᠨᠡᠨ ᠪᠠᠶᠢᠴᠠᠭᠠᠬᠤ ᠳᠤᠭᠤᠶᠢᠯᠠᠩ ᠤᠨ ᠬᠢᠨ ᠲᠣᠭᠲᠠᠭᠤᠨ ᠤ ᠳᠤᠮᠳᠠ ᠠᠬᠢᠯᠲᠠ ᠲᠠᠢ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠠᠷᠠᠳ ᠲᠦᠮᠡᠨ ᠢᠶᠡᠷ ᠭᠣᠣᠯ ᠪᠣᠯᠭᠠᠬᠤ ᠢᠢ ᠪᠠᠷᠢᠮᠲᠠᠯᠠᠵᠤ᠂ ᠶᠡᠬᠡ ᠲᠠᠯ᠎ᠠ ᠳᠤ ᠦᠢᠯᠡᠴᠢᠯᠡᠬᠦ ᠢᠢ ᠪᠠᠷᠢᠮᠲᠠᠯᠠᠵᠤ᠂ ᠰᠢᠰᠲ᠋ᠧᠮ ᠦᠨ ᠦᠵᠡᠯᠲᠡ ᠢᠢ ᠪᠠᠷᠢᠮᠲᠠᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠴᠢᠩᠭ᠎ᠠ ᠪᠠᠶᠢᠬᠤ ᠬᠦᠭ ᠠᠶᠠᠰ ᠢ ᠪᠠᠷᠢᠮᠲᠠᠯᠠᠵᠤ᠂ ᠤᠨᠢᠨ ᠳᠡᠭᠡᠷ᠎ᠡ ᠨᠢ ᠰᠢᠨᠵᠢᠯᠡᠬᠦ ᠤᠬᠠᠭᠠᠨᠴᠢ ᠪᠠᠷ ᠬᠠᠤᠯᠢ ᠶᠣᠰᠣᠭᠠᠷ ᠪᠠᠶᠢᠬᠤ ᠵᠢ ᠪᠠᠷᠢᠮᠲᠠᠯᠠᠵᠤ᠂ ᠭᠣᠣᠯᠳᠠᠯᠭ᠎ᠠ ᠢᠢ ᠲᠤᠪᠤᠶᠢᠯᠭᠠᠵᠤ᠂ ᠬᠠᠲᠠᠭᠤ ᠲᠠᠶ ᠨᠢ ᠬᠠᠯᠳᠠᠵᠤ᠂ ᠬᠢᠨᠡᠨ ᠪᠠᠶᠢᠴᠠᠭᠠᠬᠤ ᠠᠵᠢᠯ ᠢ ᠡᠮᠬᠢ ᠵᠢᠷᠤᠮ ᠲᠠᠶ ᠪᠦᠲᠦᠮᠵᠢᠲᠡᠢ ᠠᠬᠢᠭᠤᠯᠤᠨ᠎ᠠ᠃ ᠲᠥᠪ ᠦᠨ ᠲᠣᠭᠲᠠᠭᠠᠯ ᠵᠢᠴᠢ ᠲᠡᠭᠦᠨ ᠦ ᠬᠡᠷᠡᠭ᠍ᠵᠢᠭᠦᠯᠬᠦ ᠨᠠᠷᠢᠨ ᠲᠦᠷᠢᠮ ᠦᠨ ᠵᠣᠷᠢᠭ ᠰᠠᠨᠠᠭ᠎ᠠ ᠢᠢ ᠭᠦᠨᠵᠡᠭᠡᠢ ᠨᠠᠶᠢᠳᠠᠪᠤᠷᠢᠵᠢᠭᠤᠯᠵᠤ᠂ ᠨᠠᠮ ᠤᠨ ᠲᠥᠪ ᠬᠣᠷᠢᠶ᠎ᠠ ᠶ᠋ᠢᠨ ᠬᠡᠯᠪᠡᠷᠢᠴᠢ ᠦᠵᠡᠯ ᠢ ᠴᠡᠭ᠍ᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠢᠢ ᠬᠥᠩᠭᠡᠷᠡᠭᠦᠯᠬᠦ ᠬᠣᠯᠪᠣᠭᠳᠠᠯ ᠪᠦᠬᠦᠢ ᠱᠠᠭᠠᠷᠳᠠᠯᠭ᠎ᠠ ᠢᠢ ᠡᠷᠡᠰ ᠨᠠᠶᠢᠳᠠᠪᠤᠷᠢᠵᠢᠭᠤᠯᠵᠤ᠂ ᠬᠢᠨᠡᠨ ᠪᠠᠶᠢᠴᠠᠭᠠᠬᠤ ᠦᠷ᠎ᠡ ᠪᠦᠲᠦᠮᠵᠢ ᠢᠢ ᠦᠨᠡᠨ ᠬᠦ ᠳᠡᠭᠡᠭ᠍ᠰᠢᠯᠡᠭᠦᠯᠦᠨ᠎ᠡ᠃ ᠣᠷᠣᠵᠤ ᠰᠠᠭᠤᠬᠤ ᠬᠤᠭᠤᠴᠠᠭᠠᠨ ᠳᠤ᠂ ᠡᠯ᠎ᠡ ᠵᠤᠷᠰᠢᠯᠲᠤ ᠬᠢᠨᠡᠨ ᠪᠠᠶᠢᠴᠠᠭᠠᠬᠤ ᠳᠤᠭᠤᠶᠢᠯᠠᠩ ᠲᠤᠰ ᠲᠤᠰ ᠬᠠᠷᠢᠯᠴᠠᠬᠤ ᠤᠲᠠᠰᠤ ᠪᠣᠯᠤᠨ ᠰᠢᠦᠳᠠᠨ ᠤ ᠬᠠᠶᠢᠷᠴᠠᠭ ᠭᠠᠷᠭᠠᠵᠤ᠂ ᠬᠢᠨᠡᠨ ᠪᠠᠶᠢᠴᠠᠭᠠᠭᠳᠠᠬᠤ ᠡᠲᠡᠭᠡᠳ ᠦᠨ ᠠᠮᠢ ᠠᠬᠤᠢ ᠣᠷᠴᠢᠨ ᠲᠣᠭᠣᠷᠢᠨ ᠤ ᠬᠠᠮᠠᠭᠠᠯᠠᠯᠲᠠ ᠢᠢᠨ ᠲᠠᠯ᠎ᠠ ᠪᠠᠷ ᠬᠢ ᠵᠠᠬᠢᠳᠠᠯ ᠤᠲᠠᠰᠤ ᠢᠢᠨ ᠢᠯᠡᠴᠢᠯᠡᠨ ᠮᠡᠳᠡᠭᠦᠯᠦᠯᠲᠡ ᠢᠢ ᠬᠦᠯᠢᠶᠡᠨ ᠠᠪᠤᠨ᠎ᠠ᠃