ᠵᠤᠬᠢᠶᠠᠭᠴᠢ: ᠴᠠᠭ:2022-07-22 ᠥᠵᠡᠭᠰᠡᠨ : ᠢᠷᠡᠯᠲᠡ: ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
ᠤᠯᠠᠭᠠᠨᠬᠠᠳᠠ ᠬᠤᠲᠠ ᠪᠡᠭᠡᠵᠢᠩ ᠳᠤ ᠠᠷᠠᠯᠵᠢᠶᠠᠴᠢᠨ ᠤᠷᠢᠵᠤ ᠪᠠᠯᠠ ᠲᠠᠲᠠᠬᠤ ᠪᠡᠭᠡᠵᠢᠩ ᠲᠢᠶᠠᠨᠵᠢᠨ ᠾᠧᠪᠧᠢ ᠣᠷᠣᠨ ᠤ ᠲᠠᠨᠢᠯᠴᠠᠭᠤᠯᠭ᠎ᠠ ᠶᠢᠨ ᠬᠤᠷᠠᠯ ᠵᠢᠴᠢ 2022 ᠣᠨ ᠤ ᠵᠣᠨ ᠤ ᠤᠯᠠᠷᠢᠯ ᠤᠨ ᠲᠥᠪᠯᠡᠷᠡᠭᠦᠯᠦᠨ ᠭᠡᠷ᠎ᠡ ᠲᠣᠭᠲᠠᠬᠤ ᠠᠵᠢᠯᠯᠠᠭᠠᠨ ᠡᠷᠭᠢᠯᠡᠪᠡ

 

2022  7  ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ 《ᠤᠯᠠᠭᠠᠨᠬᠠᠳᠠ ᠳᠤ ᠪᠠᠯᠠ ᠣᠷᠣᠭᠤᠯᠵᠤ ᠢᠷᠡᠭᠡᠳᠦᠶ ᠳᠤ ᠬᠠᠮᠲᠤᠪᠡᠷ ᠠᠰᠢᠭ ᠭᠥᠷᠳᠡᠬᠦ》 2022 ᠣᠨ ᠤ ᠤᠯᠠᠭᠠᠨᠬᠠᠳᠠ ᠬᠤᠲᠠ ᠶᠢᠨ ᠠᠷᠠᠯᠵᠢᠶᠠᠴᠢᠨ ᠤᠷᠢᠵᠤ ᠪᠠᠯᠠ ᠲᠠᠲᠠᠬᠤ ᠪᠡᠭᠡᠵᠢᠩ ᠲᠢᠶᠠᠨᠵᠢᠨ ᠾᠧᠪᠧᠢ ᠣᠷᠤᠨ ᠤ ᠲᠠᠨᠢᠯᠴᠠᠭᠤᠯᠭ᠎ᠠ ᠶᠢᠨ ᠬᠤᠷᠠᠯ ᠪᠡᠭᠡᠵᠢᠩ ᠳᠤ ᠶᠠᠪᠤᠭᠳᠠᠪᠠ᠃ ᠬᠤᠳᠠ ᠶᠢᠨ ᠨᠠᠮ ᠤᠨ ᠬᠤᠷᠢᠶᠠᠨ ᠤ ᠱᠦᠵᠢ ᠸᠠᠨ ᠴᠤᠤ ᠴᠢ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ᠃ ᠪᠡᠭᠡᠵᠢᠩ ᠬᠤᠳᠠ ᠶᠢᠨ ᠲᠤᠰᠠᠯᠠᠬᠤ ᠬᠠᠮᠲᠤᠷᠠᠯᠴᠠᠭᠠᠨ ᠤ ᠠᠯᠪᠠᠨ ᠭᠡᠷ ᠤᠨ ᠳᠡᠳ᠋ ᠡᠷᠬᠢᠯᠡᠭᠴᠢ ᠸᠠᠩ ᠵᠤᠤ ᠯᠦᠩ᠂ ᠪᠡᠭᠡᠵᠢᠩ ᠬᠤᠳᠠ ᠶᠢᠨ ᠵᠠᠰᠠᠭ ᠤᠨ ᠣᠷᠳᠣᠨ ᠤ ᠣᠨᠴᠠ ᠤᠷᠢᠭᠰᠠᠨ ᠲᠤᠰᠬᠠᠢ ᠮᠡᠷᠭᠡᠵᠢᠯᠲᠡᠨ᠂ ᠠᠵᠤ ᠠᠬᠤᠢ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠬᠥᠭᠵᠢᠯᠲᠡ ᠶᠢᠨ ᠶᠡᠷᠦᠩᠬᠡᠢ ᠪᠠᠶᠢᠴᠠᠭᠠᠭᠴᠢ ᠮᠤᠤ ᠱᠠᠨ ᠬᠤᠩ᠂ ᠤᠯᠠᠭᠠᠨᠬᠠᠳᠠ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠳᠠ ᠶᠢᠨ ᠳᠠᠷᠤᠭ᠎ᠠ ᠱᠧᠩ ᠰᠢᠶᠣᠣ ᠶᠢᠦ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠵᠠᠩ ᠵᠢᠢ ᠺᠠᠩ᠂ ᠬᠤᠳᠠ ᠶᠢᠨ ᠳᠡᠳ᠋ ᠳᠠᠷᠤᠭ᠎ᠠ ᠶᠠᠩ ᠮᠦ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠪᠠ᠃      

ᠸᠠᠨ ᠴᠤᠤ ᠴᠢ ᠪᠠᠶᠠᠷ ᠤᠨ ᠦᠭᠡ ᠳᠡᠭᠡᠨ ᠤᠯᠠᠭᠠᠨᠬᠠᠳᠠ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠮᠦᠨ᠎ᠡ ᠠᠴᠠ ᠤᠷᠳᠤ ᠬᠤᠭᠤᠴᠠᠭᠠᠨ ᠤ ᠲᠤᠷᠰᠢ ᠤᠯᠠᠭᠠᠨᠬᠠᠳᠠ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠪᠡᠭᠡᠵᠢᠩ ᠬᠤᠳᠠ ᠶᠢᠨ ᠡᠯ᠎ᠡ ᠬᠤᠯᠪᠣᠭᠳᠠᠯ ᠪᠦᠬᠦᠢ ᠲᠠᠯ᠎ᠠ᠂ ᠪᠡᠭᠡᠵᠢᠩ ᠲᠢᠶᠠᠨᠵᠢᠨ ᠡᡁᠧᠪᠸᠢ ᠣᠷᠣᠨ ᠤ ᠡᠯ᠎ᠡ ᠡᠲᠡᠭᠡᠳ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃ ᠲᠡᠷᠡ᠂ ᠤᠯᠠᠭᠠᠨᠬᠠᠳᠠ ᠪᠣᠯ ᠰᠢᠯᠢᠳᠡᠭ ᠬᠦᠮᠦᠰ ᠴᠣᠯᠭᠤᠷᠠᠭᠰᠠᠨ᠂ ᠭᠦᠨ ᠵᠤᠵᠠᠭᠠᠨ ᠰᠤᠶᠤᠯ ᠤᠨ ᠰᠠᠭᠤᠷᠢ ᠲᠠᠢ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠰᠠᠷᠠᠭᠤᠯ ᠢᠷᠡᠭᠡᠳᠦᠶ ᠲᠠᠢ ᠬᠤᠲᠠ ᠮᠥᠨ᠃ ᠣᠳᠣᠬᠠᠨ ᠳᠤ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ 《ᠬᠤᠶᠠᠷ ᠬᠠᠯᠬᠠᠪᠴᠢ》《ᠬᠤᠶᠠᠷ ᠰᠠᠭᠤᠷᠢᠨ ᠭᠠᠵᠠᠷ》《ᠨᠢᠭᠡ ᠪᠠᠬᠢᠯᠡᠯᠲᠡ》 ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠬᠥᠭᠵᠢᠯᠲᠡ ᠶᠢᠨ ᠲᠡᠷᠢᠭᠦᠨ ᠴᠢᠬᠤᠯᠠ ᠡᠭᠦᠷᠭᠡ ᠶᠢ ᠭᠤᠶᠢᠪᠢᠰᠢ ᠦᠭᠡᠢ ᠪᠠᠷᠢᠮᠲᠠᠯᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠶᠡᠬᠡᠪᠡᠷ ᠠᠳᠬᠤᠨ᠂ ᠣᠨᠤᠴᠠᠲᠠᠢ ᠠᠷᠠᠯᠵᠢᠶᠠᠴᠢᠨ ᠤᠷᠢᠬᠤ ᠶᠢ ᠬᠡᠷᠡᠭᠵᠢᠭᠦᠯᠵᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠶᠢ ᠲᠥᠷᠭᠡᠳᠬᠡᠨ᠂ ᠡᠵᠡᠩᠨᠡᠯᠲᠡ ᠠᠷᠠᠯᠵᠢᠶᠠᠨ ᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠪᠠᠶᠢᠨ᠎ᠠ᠃ ᠪᠡᠭᠡᠵᠢᠩ ᠲᠢᠶᠠᠨᠵᠢᠨ ᠡᡁᠧᠪᠸᠢ ᠣᠷᠣᠨ ᠪᠣᠯ ᠮᠠᠨ ᠤ ᠤᠯᠤᠰ ᠤᠨ ᠰᠢᠨ᠎ᠡ ᠶᠢ ᠡᠭᠦᠳᠬᠦ ᠴᠢᠳᠠᠪᠤᠷᠢ ᠪᠠᠷ ᠬᠠᠮᠤᠭ ᠤᠨ ᠴᠢᠩᠭ᠎ᠠ᠂ ᠨᠡᠬᠡᠬᠡᠯᠳᠡ ᠬᠢᠭᠰᠡᠨ ᠬᠡᠮᠵᠢᠶ᠎ᠡ ᠪᠠᠷ ᠬᠠᠮᠤᠭ ᠤᠨ ᠥᠨᠳᠥᠷ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢᠶᠠᠷ ᠬᠠᠮᠤᠭ ᠤᠨ ᠭᠦᠢᠴᠡᠳ ᠭᠠᠵᠠᠷ ᠣᠷᠣᠨ ᠤ ᠨᠢᠭᠡ ᠪᠣᠯᠤᠨ᠎ᠠ᠂ ᠤᠯᠠᠭᠠᠨᠬᠠᠳᠠ ᠪᠣᠯ ᠥᠪᠥᠷ ᠮᠣᠩᠭᠤᠯ ᠤᠨ ᠵᠡᠭᠦᠨ ᠬᠤᠶᠢᠲᠤ ᠣᠷᠣᠨ ᠪᠠ ᠵᠡᠭᠦᠨ ᠬᠤᠶᠢᠲᠤ ᠣᠷᠣᠨ ᠤ ᠠᠭᠤᠯᠵᠠᠷ ᠬᠡᠰᠡᠭ ᠲᠤ ᠪᠠᠶᠢᠷᠢᠯᠠᠵᠤ᠂ ᠭᠠᠵᠠᠷ ᠣᠷᠣᠨ᠂ ᠠᠵᠤ ᠦᠢᠯᠡᠰ᠂ ᠰᠣᠶᠣᠯ ᠢᠷᠭᠡᠨᠰᠢᠯ᠂ ᠣᠷᠴᠢᠨ  ᠲᠠᠯ᠎ᠠ ᠪᠠᠷ ᠢᠯᠡᠳᠲᠡ ᠳᠠᠪᠠᠭᠤᠯᠢᠭ ᠲᠠᠢ ᠶᠤᠮ᠃ ᠤᠢᠢᠷ᠎ᠠ ᠶᠢᠨ ᠵᠢᠯ ᠳᠤ᠂ ᠪᠢᠳᠡ ᠪᠡᠭᠡᠵᠢᠩ ᠲᠢᠶᠠᠨᠵᠢᠨ ᠡᡁᠧᠪᠸᠢ ᠳᠤ ᠬᠠᠨᠳᠤᠵᠤ᠂ ᠪᠡᠭᠡᠵᠢᠩ ᠲᠢᠶᠠᠨᠵᠢᠨ ᠡᡁᠧᠪᠸᠢ ᠳᠤ ᠠᠭᠤᠰᠤᠯᠴᠠᠵᠤ᠂ ᠪᠡᠭᠡᠵᠢᠩ ᠲᠢᠶᠠᠨᠵᠢᠨ ᠡᡁᠧᠪᠸᠢ ᠣᠷᠣᠨ ᠤ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠪᠠᠷ ᠬᠦᠯᠢᠶᠡᠨ ᠠᠪᠴᠤ᠂ ᠪᠡᠭᠡᠵᠢᠩ ᠲᠢᠶᠠᠨᠵᠢᠨ ᠡᡁᠧᠪᠸᠢ ᠣᠷᠣᠨ ᠳᠤ ᠬᠠᠨᠳᠤᠭᠤᠯᠤᠭᠰᠠᠨ ᠠᠷᠠᠯᠵᠢᠶᠠᠴᠢᠨ ᠤᠷᠢᠵᠤ ᠪᠡᠯᠡ ᠲᠠᠲᠠᠬᠤ ᠡᠷᠴᠢᠮ ᠢᠶᠠᠨ ᠴᠢᠩᠭᠠᠷᠠᠭᠤᠯᠵᠤ᠂ ᠪᠡᠭᠡᠵᠢᠩ ᠲᠢᠶᠠᠨᠵᠢᠨ ᠡᡁᠧᠪᠸᠢ ᠣᠷᠣᠨ ᠤ ᠨᠢᠭᠡ ᠪᠦᠯᠦᠭ ᠠᠵᠤ ᠠᠬᠤᠶᠢᠯᠠᠯ ᠤᠨ ᠤᠯᠠᠭᠠᠨᠬᠠᠳᠠ ᠳᠤ ᠢᠷᠡᠵᠦ ᠪᠡᠯᠡ ᠣᠷᠣᠭᠤᠯᠤᠨ ᠦᠢᠯᠡᠰ ᠪᠤᠰᠬᠠᠬᠤ ᠶᠢ ᠲᠠᠲᠠᠵᠤ ᠪᠠᠶᠢᠨ᠎ᠠ ᠭᠡᠪᠡ᠃ ᠲᠡᠷᠡ᠂ ᠡᠯ᠎ᠡ ᠬᠤᠯᠪᠣᠭᠳᠠᠯ ᠪᠦᠬᠦᠢ ᠲᠠᠯ᠎ᠠ ᠭᠡᠷ᠎ᠡ ᠲᠣᠭᠲᠠᠭᠰᠠᠨ ᠤ ᠳᠠᠷᠠᠭ᠎ᠠ ᠪᠣᠳᠠᠲᠠᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠨ᠂ ᠠᠩᠬᠠᠷᠴᠤ ᠰᠢᠢᠳᠪᠦᠷᠢᠯᠡᠬᠦ ᠤᠬᠠᠮᠰᠠᠷ ᠢᠶᠠᠨ ᠴᠢᠩᠭᠠᠳᠬᠠᠵᠤ᠂ ᠡᠵᠡᠩᠨᠡᠯᠲᠡ ᠠᠷᠠᠯᠵᠢᠶᠠᠨ ᠤ ᠣᠷᠴᠢᠨ  ᠢ ᠰᠢᠯᠢᠳᠡᠭᠵᠢᠭᠦᠯᠵᠦ᠂ ᠲᠦᠷᠦᠯ ᠵᠦᠢᠯ ᠤᠨ ᠦᠢᠯᠡᠴᠢᠯᠡᠭᠴᠢ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠡᠷ᠎ᠡ ᠲᠣᠭᠲᠠᠭᠰᠠᠨ ᠲᠦᠷᠦᠯ ᠵᠦᠢᠯ ᠤᠨ ᠡᠬᠢᠨ ᠤ ᠬᠤᠭᠤᠴᠠᠭᠠᠨ ᠤ ᠠᠵᠢᠯ ᠢ ᠲᠦᠷᠭᠡᠨ ᠥᠷᠨᠢᠭᠦᠯᠬᠦ᠂ ᠡᠷᠲᠡᠬᠡᠨ ᠡᠬᠢᠯᠡᠭᠦᠯᠦᠨ ᠪᠦᠳᠦᠭᠡᠨ ᠪᠠᠶᠢᠭᠤᠯᠬᠤ ᠶᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ ᠲᠡᠷᠡ ᠡᠯ᠎ᠡ ᠠᠵᠤ ᠠᠬᠤᠶᠢᠯᠠᠯᠲᠠᠳ ᠤᠯᠠᠭᠠᠨᠬᠠᠳᠠ ᠶᠢ ᠠᠩᠬᠠᠷᠴᠤ᠂ ᠤᠯᠠᠭᠠᠨᠬᠠᠳᠠ ᠶᠢ ᠲᠠᠨᠢᠯᠴᠠᠭᠤᠯᠵᠤ᠂ ᠤᠯᠠᠭᠠᠨᠬᠠᠳᠠ ᠳᠤ ᠬᠦᠷᠴᠦ᠂ ᠤᠯᠠᠭᠠᠨᠬᠠᠳᠠ ᠳᠤ ᠪᠡᠯᠡ ᠣᠷᠣᠭᠤᠯᠬᠤ᠂ ᠢᠷᠡᠭᠡᠳᠦᠢ ᠳᠤ ᠬᠠᠮᠲᠤᠪᠠᠷ ᠠᠰᠢᠭ ᠬᠦᠷᠳᠡᠬᠦ ᠰᠠᠶᠢᠨ ᠰᠠᠶᠢᠬᠠᠨ ᠬᠠᠭᠤᠳᠠᠰᠤ ᠶᠢ ᠬᠠᠮᠲᠤᠪᠠᠷ ᠪᠢᠴᠢᠭᠯᠡᠬᠦ ᠶᠢ ᠴᠢᠩ ᠰᠡᠳᠬᠢᠯ ᠠᠴᠠ ᠪᠠᠨ ᠬᠦᠰᠡᠪᠡ᠃      

ᠱᠧᠩ ᠰᠢᠶᠣᠣ ᠶᠢᠦ ᠪᠠᠶᠢᠯᠳᠤᠬᠤ ᠪᠤᠳᠤᠯᠭ᠎ᠠ ᠶᠢᠨ ᠵᠢᠯᠤᠭᠤᠳᠤᠯᠭ᠎ᠠ ᠶᠢᠨ ᠬᠠᠨᠳᠤᠰᠢ᠂ ᠰᠠᠭᠤᠷᠢ ᠨᠥᠬᠦᠴᠡᠯ ᠤᠨ ᠠᠰᠢᠭ᠂ ᠲᠤᠬᠠᠢ ᠶᠢᠨ ᠭᠠᠵᠠᠷ ᠠᠴᠠ ᠪᠠᠨ ᠮᠠᠲ᠋ᠧᠷᠢᠶᠠᠯ ᠠᠪᠬᠤ ᠶᠢᠨ ᠳᠦᠭᠦᠮ᠂ ᠲᠠᠪᠴᠠᠩ ᠤᠨ ᠴᠢᠳᠠᠪᠤᠷᠢ ᠣᠯᠭᠤᠬᠤ ᠶᠢᠨ ᠲᠤᠰᠠ᠂ ᠣᠷᠴᠢᠨ  ᠲᠦᠷᠦ ᠶᠢᠨ ᠪᠤᠳᠤᠯᠭ᠎ᠠ ᠶᠢᠨ ᠰᠢᠯᠢᠳᠡᠭ ᠵᠡᠷᠭᠡ ᠲᠠᠪᠤᠨ ᠲᠠᠯ᠎ᠠ ᠪᠠᠷ ᠠᠷᠠᠯᠵᠢᠶᠠᠴᠢᠨ ᠤᠷᠢᠬᠤ ᠲᠠᠨᠢᠯᠴᠠᠭᠤᠯᠭ᠎ᠠ ᠬᠢᠭᠰᠡᠨ ᠪᠥᠭᠡᠳ ᠰᠢᠨ᠎ᠡ ᠪᠠᠷ ᠤᠷᠢᠨ ᠲᠣᠮᠢᠯᠠᠭᠰᠠᠨ ᠠᠷᠠᠯᠵᠢᠶᠠᠴᠢᠨ ᠤᠷᠢᠬᠤ ᠡᠯᠴᠢ ᠶᠢᠨ ᠲᠥᠯᠥᠭᠡᠯᠡᠭᠴᠢ ᠳᠤ ᠤᠷᠢᠯᠭ᠎ᠠ ᠶᠢᠨ ᠪᠢᠴᠢᠭ ᠭᠠᠷᠳᠠᠭᠤᠯᠪᠠ᠃ ᠤᠯᠠᠭᠠᠨᠬᠠᠳᠠ ᠬᠤᠳᠠ ᠶᠢᠨ ᠲᠦᠷᠢ ᠲᠥᠷᠬᠦ ᠶᠢᠨ ᠡᠯᠴᠢ᠂ ᠠᠯᠳᠠᠷᠲᠤ ᠤᠷᠠᠯᠢᠭᠴᠢᠨ ᠰᠡᠴᠡᠩᠭᠤᠸ᠎ᠠ᠂ ᠸᠠᠩ ᠯᠦᠸᠧ ᠳ᠋ᠠᠨ ᠪᠣᠯᠤᠨ ᠤᠯᠠᠭᠠᠨᠬᠠᠳᠠ ᠬᠤᠳᠠ ᠳᠤ ᠪᠡᠯᠡ ᠣᠷᠣᠭᠤᠯᠤᠭᠰᠠᠨ ᠠᠵᠤ ᠠᠬᠤᠶᠢᠯᠠᠯᠲᠠᠨ ᠤ ᠲᠥᠯᠥᠭᠡᠯᠡᠭᠴᠢ ᠸᠢᠳᠢᠣ᠋ ᠪᠠᠷ ᠲᠠᠨᠢᠯᠴᠠᠭᠤᠯᠬᠤ ᠶᠠᠷᠢᠶ᠎ᠠ ᠲᠠᠯᠪᠢᠪᠠ᠃ ᠤᠯᠠᠭᠠᠨᠬᠠᠳᠠ ᠶᠢᠨ ᠵᠦᠩ ᠲᠠᠩ ᠣᠨᠴᠠ ᠪᠣᠯᠤᠳ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠮᠠ ᠳ᠋ᠧ ᠬᠤᠤ᠂ ᠪᠡᠭᠡᠵᠢᠩ ᠤᠨ ᠬᠤᠩ ᠹᠦ᠋ ᠪᠦᠯᠦᠭᠯᠡᠯ ᠤᠨ ᠬᠡᠷᠡᠭ ᠮᠡᠳᠡᠭᠴᠢᠳ ᠤᠨ ᠲᠣᠪᠴᠢᠶ᠎ᠠ ᠶᠢᠨ ᠲᠡᠷᠢᠭᠦᠯᠡᠭᠴᠢ᠂ ᠪᠡᠭᠡᠵᠢᠩ ᠬᠤᠳᠠ ᠶᠢᠨ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠨᠡᠶᠢᠭᠡᠮᠯᠢᠭ ᠤᠨ ᠳᠠᠷᠤᠭ᠎ᠠ ᠬᠤᠸᠠᠩ ᠹᠦ᠋ ᠱᠦᠢ᠂ ᠪᠡᠭᠡᠵᠢᠩ ᠤᠨ ᠵᠦᠩ ᠭᠤᠸᠠᠨ ᠼᠦᠨ ᠤ ᠮᠡᠳᠡᠭᠡ ᠵᠠᠩᠭᠢ ᠶᠢᠨ ᠬᠥᠨᠳᠡᠢ ᠶᠢᠨ ᠡᠳ᠋ ᠬᠦᠷᠦᠩᠭᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠣᠷᠣᠨ ᠪᠦᠰᠡ ᠶᠢᠨ ᠶᠡᠷᠦᠩᠬᠡᠢ ᠳᠠᠭᠠᠭᠠᠮᠠᠯ ᠵᠧᠩ ᠢ ᠵᠡᠷᠭᠡ ᠭᠤᠷᠪᠠᠨ ᠠᠵᠤ ᠠᠬᠤᠶᠢᠯᠠᠯᠲᠠᠨ ᠤ ᠲᠥᠯᠥᠭᠡᠯᠡᠭᠴᠢ ᠲᠤᠬᠠᠢ ᠶᠢᠨ ᠲᠠᠯᠠᠪᠠᠢ ᠳᠤ ᠶᠠᠷᠢᠶ᠎ᠠ ᠲᠠᠯᠪᠢᠪᠠ᠃      

ᠳᠠᠷᠠᠭ᠎ᠠ ᠨᠢ᠂ ᠶᠡᠭᠡ ᠬᠤᠷᠠᠯ ᠠᠴᠠ ᠠᠷᠠᠯᠵᠢᠶᠠᠴᠢᠨ ᠤᠷᠢᠵᠤ ᠪᠡᠯᠡ ᠲᠠᠲᠠᠬᠤ ᠲᠦᠷᠦᠯ ᠵᠦᠢᠯ ᠳᠤ ᠭᠡᠷ᠎ᠡ ᠲᠣᠭᠲᠠᠬᠤ ᠶᠣᠰᠣᠯᠠᠯ ᠶᠠᠪᠤᠭᠤᠯᠵᠤ᠂ ᠪᠡᠭᠡᠵᠢᠩ ᠲᠢᠶᠠᠨᠵᠢᠨ ᠡᡁᠧᠪᠸᠢ ᠣᠷᠣᠨ ᠤ 29 ᠠᠵᠤ ᠠᠬᠤᠶᠢᠯᠠᠯ ᠤᠨ ᠬᠠᠷᠢᠭᠤᠴᠠᠯᠭᠠᠲᠠᠨ ᠮᠠᠨ ᠤ ᠬᠤᠳᠠ ᠲᠠᠢ 29 ᠲᠦᠷᠦᠯ ᠵᠦᠢᠯ ᠳᠤ ᠠᠮᠵᠢᠯᠲᠠ ᠲᠠᠢ ᠭᠡᠷ᠎ᠡ ᠲᠣᠭᠲᠠᠵᠤ ᠂ ᠡᠭᠦᠨ ᠳᠤ ᠲᠠᠷᠢᠮᠠᠯ ᠤᠨ ᠲᠦᠷᠦᠯ ᠤᠨ ᠲᠦᠷᠦᠯ ᠵᠦᠢᠯ 1᠂ ᠦᠢᠯᠡᠳᠬᠦ ᠦᠢᠯᠡᠰ ᠵᠢᠴᠢ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠲᠦᠷᠦᠯ ᠵᠦᠢᠯ 19᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ᠂ ᠰᠣᠶᠣᠯ ᠵᠢᠭᠤᠯᠴᠢᠯᠠᠯ ᠤᠨ ᠦᠢᠯᠡᠰ᠂ ᠴᠠᠬᠢᠮ ᠮᠡᠳᠡᠭᠡ ᠵᠠᠩᠭᠢ ᠶᠢᠨ ᠠᠵᠤ ᠦᠢᠯᠡᠰ ᠤᠨ ᠲᠦᠷᠦᠯ ᠵᠦᠢᠯ 9 ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ 336.36 ᠳ᠋ᠦᠩᠰᠢᠭᠤᠷ ᠲᠥᠭᠦᠷᠢᠭ ᠲᠤ ᠬᠦᠷᠬᠦ ᠪᠠᠷ ᠲᠥᠯᠥᠪᠯᠡᠵᠦ ᠪᠤᠢ᠃ ᠲᠠᠨᠢᠯᠴᠠᠭᠤᠯᠭ᠎ᠠ ᠶᠢᠨ ᠬᠤᠷᠠᠯ ᠳᠡᠭᠡᠷ᠎ᠡ ᠪᠠᠰᠠ 《ᠤᠯᠠᠭᠠᠨᠬᠠᠳᠠ ᠶᠢᠨ ᠣᠬᠢ ᠰᠢᠮ᠎ᠡ》 ᠶᠢᠨ ᠰᠢᠷᠢᠰ ᠪᠦᠲᠦᠭᠡᠭᠳᠡᠬᠦᠨ ᠢ ᠳᠡᠯᠭᠡᠨ ᠦᠵᠡᠭᠦᠯᠵᠦ᠂ ᠡᠨᠡ ᠨᠢ 《 ᠤᠯᠠᠭᠠᠨᠬᠠᠳᠠ ᠶᠢᠨ ᠣᠬᠢ ᠰᠢᠮ᠎ᠡ》 ᠨᠠᠷᠠᠲᠤ ᠲᠡᠮᠳᠡᠭ ᠠᠩᠬ᠎ᠠ ᠤᠳᠠᠭ᠎ᠠ ᠪᠡᠭᠡᠵᠢᠩ ᠳᠤ ᠢᠯᠡᠷᠡᠵᠦ ᠪᠠᠶᠢᠭ᠎ᠠ ᠶᠠᠪᠤᠳᠠᠯ ᠪᠣᠯᠤᠨ᠎ᠠ᠃      

ᠪᠡᠭᠡᠵᠢᠩ ᠬᠤᠳᠠ ᠶᠢᠨ ᠠᠵᠢᠯ ᠲᠦᠷᠦᠯ ᠢᠶᠠᠷ ᠢᠶᠠᠨ ᠤᠯᠠᠭᠠᠨᠬᠠᠳᠠ ᠬᠤᠳᠠ ᠶᠢ ᠬᠠᠪᠰᠤᠷᠤᠨ ᠲᠡᠳᠬᠦᠵᠦ ᠪᠠᠶᠢᠭ᠎ᠠ 7 ᠬᠤᠳᠠ ᠲᠣᠭᠤᠷᠢᠭ ᠪᠣᠯᠤᠨ ᠪᠡᠭᠡᠵᠢᠩ ᠤᠨ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠠᠵᠤ ᠦᠢᠯᠡᠰ ᠢ ᠲᠠᠷᠬᠠᠭᠠᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠤᠯᠠᠭᠠᠨᠬᠠᠳᠠ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠬᠤᠰᠢᠭᠤ ᠰᠢᠶᠠᠨ ᠲᠣᠭᠤᠷᠢᠭ ᠤᠨ ᠨᠠᠮ ᠤᠨ ᠬᠤᠷᠢᠶ᠎ᠠ ᠪᠤᠶᠤ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠵᠢᠴᠢ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠬᠤᠰᠢᠭᠤ ᠰᠢᠶᠠᠨ ᠤ ᠳᠠᠷᠤᠭ᠎ᠠ᠂ 17 ᠣᠨᠴᠠ ᠤᠷᠢᠭᠰᠠᠨ ᠪᠡᠭᠡᠵᠢᠩ ᠤᠨ ᠠᠵᠤ ᠠᠬᠤᠶᠢᠯᠠᠯ᠂ ᠲᠦᠷᠦᠭᠦᠦ ᠪᠦᠯᠦᠭ ᠤᠨ ᠠᠷᠠᠯᠵᠢᠶᠠᠴᠢᠨ ᠤᠷᠢᠬᠤ ᠡᠯᠴᠢ ᠶᠢᠨ ᠲᠥᠯᠥᠭᠡᠯᠡᠭᠴᠢ ᠵᠢᠴᠢ ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠤᠳᠠ ᠶᠢᠨ ᠲᠡᠰ ᠤᠨ ᠵᠠᠭᠤᠴᠢᠯᠠᠭᠤᠷ ᠲᠠᠨᠢᠯᠴᠠᠭᠤᠯᠭ᠎ᠠ ᠶᠢᠨ ᠬᠤᠷᠠᠯ ᠳᠤ ᠣᠷᠣᠯᠴᠠᠪᠠ᠃      

ᠲᠠᠨᠢᠯᠴᠠᠭᠤᠯᠭ᠎ᠠ ᠶᠢᠨ ᠬᠤᠷᠠᠯ ᠤᠨ ᠲᠠᠷᠠᠭ᠎ᠠ᠂ ᠸᠠᠨ ᠴᠤᠤ ᠴᠢ᠂ ᠱᠧᠩ ᠰᠢᠶᠣᠣ ᠶᠢᠦ ᠪᠠᠰᠠ ᠬᠡᠰᠡᠭ ᠠᠵᠤ ᠠᠬᠤᠶᠢᠯᠠᠯᠲᠠᠨ ᠤ ᠲᠥᠯᠥᠭᠡᠯᠡᠭᠴᠢᠳ ᠲᠠᠢ ᠶᠠᠷᠢᠯᠴᠠᠵᠤ᠂ ᠤᠯᠠᠭᠠᠨᠬᠠᠳᠠ ᠶᠢᠨ ᠡᠬᠢ ᠪᠠᠶᠠᠯᠢᠭ ᠤᠨ ᠳᠠᠪᠠᠭᠤᠯᠢᠭ᠂ ᠠᠵᠤ ᠦᠢᠯᠡᠰ ᠤᠨ ᠳᠠᠪᠠᠭᠤᠯᠢᠭ᠂ ᠡᠵᠡᠩᠨᠡᠯᠲᠡ ᠠᠷᠠᠯᠵᠢᠶᠠᠨ ᠤ ᠣᠷᠴᠢᠨ  ᠪᠣᠯᠤᠨ ᠬᠥᠭᠵᠢᠯᠲᠡ ᠶᠢᠨ ᠬᠡᠷᠡᠭᠴᠡᠭᠡ ᠶᠢ ᠤᠯᠠᠮ ᠨᠢᠭᠡ ᠠᠯᠬᠤᠮ ᠲᠠᠨᠢᠯᠴᠠᠭᠤᠯᠵᠤ᠂ ᠥᠷᠭᠡᠨ ᠤᠯᠠᠨ ᠠᠵᠤ ᠠᠬᠤᠶᠢᠯᠠᠯᠲᠠᠳ ᠤᠯᠠᠭᠠᠨᠬᠠᠳᠠ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠠᠵᠠ ᠲᠣᠬᠢᠶᠠᠯᠳᠤ ᠬᠤᠭᠤᠴᠠᠭ᠎ᠠ ᠶᠢ ᠠᠮᠵᠢᠵᠤ᠂ ᠤᠯᠠᠭᠠᠨᠬᠠᠳᠠ ᠳᠤ ᠢᠳᠡᠪᠬᠢᠲᠡᠢ ᠪᠠᠷ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠵᠦ ᠂ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠶᠢ ᠬᠦᠰᠡᠪᠡ᠃ 

 

 


   :                    
   :           
备案序号:蒙ICP备05003250号 公安备案15010502000173