ᠵᠤᠬᠢᠶᠠᠭᠴᠢ:
ᠴᠠᠭ:2022-09-02
ᠥᠵᠡᠭᠰᠡᠨ : ℃
ᠢᠷᠡᠯᠲᠡ: ᠤᠯᠠᠭᠠᠨᠬᠠᠳᠠ ᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
ᠮᠠᠨ ᠤ ᠬᠤᠲᠠ 2022 ᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ
2022 8 ᠰᠠᠷ᠎ᠠ ᠶᠢᠨ 31 ᠤ ᠡᠳᠦᠷ᠂ ᠮᠠᠨ ᠤ ᠬᠤᠲᠠ 2022 ᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠂ 10 ᠰᠠᠷ᠎ᠠ ᠶᠢᠨ 1 ᠤ ᠡᠳᠦᠷ ᠠᠴᠠ ᠡᠬᠢᠯᠡᠨ ᠵᠡᠷᠭᠡᠪᠡᠷ ᠬᠡᠷᠡᠭᠵᠢᠭᠦᠯᠬᠦ ᠪᠠᠷ ᠪᠠᠶᠢᠭ᠎ᠠ 《ᠤᠯᠠᠭᠠᠨᠬᠠᠳᠠ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠪᠠ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ ᠳᠡᠭᠡᠭᠰᠢᠯᠡᠭᠦᠯᠬᠦ ᠲᠤᠬᠠᠶ ᠰᠠᠨᠠᠯ》 《ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠲᠤᠰᠠᠯᠠᠯᠴᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠬᠡᠷᠡᠭᠵᠢᠭᠦᠯᠬᠦ ᠨᠠᠷᠢᠨ ᠲᠦᠷᠢᠮ》 ᠪᠠ 9 ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ ᠡᠬᠢᠯᠡᠭᠦᠯᠬᠦ 2023 ᠣᠨ ᠤ ᠪᠥᠬᠦ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠢᠳᠭᠡᠯ ᠲᠤᠰᠢᠶᠠᠬᠤ ᠲᠥᠷᠥ ᠶᠢᠨ ᠪᠣᠳᠣᠯᠭ᠎ᠠ ᠳᠤ ᠲᠠᠶᠢᠯᠤᠮᠵᠢ ᠬᠢᠪᠠ᠃
ᠮᠠᠨ ᠤ ᠬᠤᠲᠠ 2020 ᠣᠨ ᠳᠤ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠬᠤᠲᠠ ᠶᠢᠨ ᠱᠠᠲᠤᠨ ᠳᠤ ᠨᠢᠭᠡᠳᠦᠯᠲᠡᠶ ᠲᠥᠯᠥᠪᠯᠡᠬᠦ ᠶᠢ ᠪᠡᠶᠡᠯᠡᠭᠦᠯᠦᠭᠰᠡᠨ ᠤ ᠳᠠᠷᠠᠭ᠎ᠠ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠲᠦᠷᠢᠮ ᠪᠠ ᠴᠡᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠵᠥᠪᠳᠡᠯᠴᠡᠨ ᠬᠠᠮᠢᠶᠠᠷᠬᠤ ᠲᠣᠭᠲᠠᠴᠠ ᠶᠢ ᠪᠦᠷᠢᠨᠰᠢᠬᠦᠯᠵᠦ᠂ ᠴᠡᠭ ᠲᠣᠭᠲᠠᠭᠠᠨ ᠵᠥᠪᠰᠢᠶᠡᠷᠡᠨ ᠣᠷᠣᠭᠤᠯᠬᠤ᠂ ᠵᠥᠪᠳᠡᠯᠴᠡᠨ ᠦᠢᠯᠡᠴᠢᠯᠡᠬᠦ ᠪᠠ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠥᠪᠯᠡᠷᠡᠩᠭᠦᠶ ᠨᠢᠭᠡᠳᠦᠯᠲᠡᠶ ᠬᠠᠮᠢᠶᠠᠷᠤᠯᠲᠠ ᠶᠢ ᠪᠡᠶᠡᠯᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠣᠷᠣᠯᠭ᠎ᠠ ᠨᠢ ᠵᠠᠷᠤᠯᠭ᠎ᠠ ᠳᠠᠭᠠᠨ ᠬᠥᠷᠬᠦ ᠥᠬᠡᠶ ᠪᠠᠶᠢᠭᠰᠠᠨ ᠠᠴᠠ ᠪᠠᠨ ᠣᠷᠳᠣ ᠬᠤᠭᠤᠴᠠᠭᠠᠨ ᠤ ᠲᠡᠩᠴᠡᠭᠦᠷᠢᠲᠡᠶ ᠪᠣᠯᠬᠤ ᠶᠢ ᠪᠡᠶᠡᠯᠡᠭᠦᠯᠪᠡ᠃ ᠰᠠᠭᠤᠷᠢ ᠮᠥᠩᠭᠦᠨ ᠤ ᠲᠣᠭᠲᠠᠭᠤᠨ ᠢᠶᠠᠷ ᠠᠵᠢᠯᠯᠠᠵᠤ ᠪᠠᠶᠢᠭ᠎ᠠ ᠪᠠᠶᠢᠳᠠᠯ ᠳᠣᠣᠷ᠎ᠠ᠂ ᠳᠠᠭᠠᠳᠬᠠᠯ ᠳᠤ ᠣᠷᠣᠯᠴᠠᠭᠰᠠᠳ ᠤᠨ ᠡᠪᠡᠳᠴᠢᠨ ᠦᠵᠡᠭᠦᠯᠬᠦ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠦᠨ᠂ ᠨᠡᠩ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠳᠠᠭᠠᠳᠬᠠᠯ ᠳᠤ ᠣᠷᠣᠯᠴᠠᠭᠰᠠᠳ ᠲᠤ ᠬᠡᠷᠡᠭᠯᠡᠭᠦᠯᠦᠨ ᠥᠭᠡᠷᠡᠴᠢᠯᠡᠯᠲᠡ ᠶᠢᠨ ᠠᠰᠢᠭ ᠢ ᠬᠠᠮᠲᠤᠪᠡᠷ ᠡᠳ᠋ᠯᠡᠭᠦᠯᠬᠦ ᠶᠢᠨ ᠲᠥᠯᠦᠭᠡ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢᠨ 《ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠬᠤ᠂ ᠣᠷᠣᠯᠭ᠎ᠠ ᠵᠠᠷᠤᠯᠭ᠎ᠠ ᠶᠢ ᠲᠡᠩᠴᠡᠭᠦᠷᠢᠲᠡᠶ ᠪᠠᠶᠢᠯᠭᠠᠬᠤ᠂ ᠪᠠᠭ᠎ᠠ ᠦᠯᠡᠳᠡᠪᠦᠷᠢ ᠲᠠᠢ ᠪᠠᠶᠢᠯᠭᠠᠬᠤ 》 ᠵᠠᠷᠴᠢᠮ ᠶᠣᠰᠣᠭᠠᠷ᠂ ᠭᠦᠢᠴᠡᠳ ᠰᠤᠳᠤᠯᠤᠨ ᠵᠢᠱᠢᠵᠦ ᠪᠤᠳᠤᠭᠰᠠᠨ ᠢᠶᠠᠷ᠂ ᠮᠠᠨ ᠤ ᠬᠤᠲᠠ 《ᠤᠯᠠᠭᠠᠨᠬᠠᠳᠠ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠪᠠ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ ᠳᠡᠭᠡᠭᠰᠢᠯᠡᠭᠦᠯᠬᠦ ᠲᠤᠬᠠᠶ ᠰᠠᠨᠠᠯ》 ᠢ ᠨᠡᠶᠢᠲᠡᠯᠡᠵᠦ᠂ 2022 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠨ᠂ ᠪᠥᠬᠦ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠪᠠ ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠪᠡᠳᠴᠢᠨ ᠡᠮᠭᠡᠭ ᠤᠨ ᠡᠮᠴᠢᠯᠡᠭᠡᠨ ᠤ ᠬᠤᠶᠢᠰᠢᠳᠠ ᠶᠢᠨ ᠵᠣᠪᠠᠨᠢᠯ ᠢ ᠴᠢᠷᠮᠠᠶᠢᠨ ᠰᠢᠢᠳᠪᠦᠷᠢᠯᠡᠨ᠎ᠡ᠃
ᠠᠵᠤ ᠠᠬᠤᠶ ᠨᠡᠶᠢᠭᠡᠮ ᠤᠨ ᠬᠥᠭᠵᠢᠯᠲᠡ ᠶᠢ ᠳᠠᠭᠠᠯᠳᠤᠨ᠂ ᠠᠷᠠᠳ ᠣᠯᠠᠨ ᠤ ᠡᠷᠡᠭᠦᠯ ᠮᠡᠨᠳᠦ ᠠᠵᠠ ᠵᠢᠷᠭᠠᠯ ᠤᠨ ᠬᠡᠷᠡᠭᠴᠡᠭᠡ ᠡᠳᠦᠷ ᠢᠷᠡᠬᠦᠶ᠎ᠡ ᠨᠡᠮᠡᠭᠳᠡᠵᠦ᠂ ᠡᠮ ᠡᠮᠨᠡᠯᠭᠡ ᠶᠢᠨ ᠪᠠᠲᠤᠯᠠᠭ᠎ᠠ ᠶᠢᠨ ᠬᠦᠷᠢᠶᠡᠨ ᠳᠤ ᠨᠠᠩ ᠥᠨᠳᠥᠷ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠲᠠᠩᠰᠠᠨ ᠡᠷᠦᠬᠡ ᠶᠢᠨ ᠬᠠᠷᠢᠯᠴᠠᠨ ᠲᠤᠰᠠᠯᠠᠯᠴᠠᠬᠤ ᠴᠢᠨᠠᠷ ᠬᠦᠷᠦᠯᠴᠡᠬᠦ ᠥᠬᠡᠶ᠂ ᠡᠭᠦᠳᠡᠨ ᠡᠮᠨᠡᠯᠭᠡ ᠶᠢᠨ ᠪᠠᠲᠤᠯᠠᠭ᠎ᠠ ᠶᠢᠨ ᠴᠢᠳᠠᠮᠵᠢ ᠬᠦᠷᠦᠯᠴᠡᠬᠦ ᠥᠬᠡᠶ ᠵᠡᠷᠭᠡ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠤᠯᠤᠰ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠮᠠᠨ ᠤ ᠬᠤᠲᠠ 《ᠠᠵᠢᠯᠲᠠᠨ ᠠᠵᠢᠯᠴᠢᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠬᠠᠷᠢᠯᠴᠠᠨ ᠲᠤᠰᠠᠯᠠᠯᠴᠠᠬᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠲᠤᠬᠠᠶ ᠬᠡᠷᠡᠭᠵᠢᠭᠦᠯᠬᠦ ᠨᠠᠷᠢᠨ ᠲᠦᠷᠢᠮ》 ᠢ ᠨᠡᠶᠢᠲᠡᠯᠡᠵᠦ᠂ 2022 ᠣᠨ ᠤ 10 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
ᠦᠨᠳᠦᠰᠦᠨ ᠡᠮ ᠡᠮᠨᠡᠯᠭᠡ ᠶᠢᠨ ᠳᠠᠭᠠᠳᠬᠠᠯ ᠪᠣᠯ ᠨᠢᠭᠡ ᠵᠦᠢᠯ ᠤᠨ ᠡᠷᠬᠡ ᠲᠡᠭᠰᠢ ᠲᠦᠭᠡᠮᠡᠯ ᠬᠠᠷᠠᠭᠠᠯᠵᠠᠯ ᠤᠨ ᠰᠢᠨᠵᠢ ᠴᠢᠨᠠᠷ ᠲᠠᠢ ᠪᠠᠲᠤᠯᠠᠭ᠎ᠠ ᠶᠢᠨ ᠮᠥᠨ᠂ ᠨᠡᠩ ᠤᠯᠠᠨ ᠬᠦᠮᠦᠰ ᠢ ᠡᠮ ᠡᠮᠨᠡᠯᠭᠡ ᠶᠢᠨ ᠳᠠᠭᠠᠳᠬᠠᠯ ᠤᠨ ᠠᠷᠠᠳ ᠲᠤ ᠠᠰᠢᠭ ᠬᠦᠷᠲᠡᠭᠡᠬᠦ ᠪᠠᠲᠤᠯᠠᠭ᠎ᠠ ᠶᠢᠨ ᠬᠠᠮᠤᠷᠬᠤ ᠬᠡᠪᠴᠢᠶᠡᠨ ᠳᠤ ᠣᠷᠣᠭᠤᠯᠵᠤ᠂ ᠦᠨᠳᠦᠰᠦᠨ ᠡᠮ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠪᠠ ᠬᠤᠳᠠ ᠬᠥᠳᠡᠭᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠭᠤᠷᠪᠠᠨ ᠳᠠᠪᠬᠤᠷ ᠪᠠᠲᠤᠯᠠᠭ᠎ᠠ ᠶᠢᠨ ᠲᠦᠷᠢᠮ ᠤᠨ ᠴᠢᠳᠠᠮᠵᠢ ᠶᠢ ᠭᠦᠢᠴᠡᠳ ᠪᠠᠳᠠᠷᠠᠭᠤᠯᠬᠤ ᠨᠢ ᠤᠯᠠᠨ ᠲᠦᠮᠡᠨ ᠤ ᠡᠪᠡᠳᠴᠢᠨ ᠠᠴᠠ ᠪᠤᠯᠵᠤ ᠶᠠᠳᠠᠭᠤᠷᠠᠬᠤ ᠪᠠ ᠲᠠᠬᠢᠨ ᠶᠠᠳᠠᠭᠤᠷᠠᠬᠤ ᠶᠢ ᠪᠦᠲᠦᠮᠵᠢᠲᠡᠢ ᠰᠡᠷᠭᠡᠶᠢᠯᠡᠵᠦ ᠴᠢᠳᠠᠨ᠎ᠠ᠃ 2022 ᠣᠨ ᠳᠤ᠂ ᠪᠥᠬᠦ ᠬᠤᠲᠠ ᠶᠢᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠭᠰᠠᠨ ᠬᠥᠮᠦᠨ 392.58 ᠲᠦᠮᠡ ᠳᠤ ᠬᠦᠷᠴᠦ᠂ ᠡᠭᠦᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠭᠰᠠᠨ ᠬᠥᠮᠦᠨ ᠠᠮᠠ 324.54 ᠲᠦᠮᠡ ᠳᠤ ᠬᠦᠷᠴᠦ᠂ ᠪᠠᠶᠢᠩᠭᠤ ᠰᠠᠭᠤᠭ᠎ᠠ ᠬᠥᠮᠦᠨ ᠠᠮᠠ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ 97.68% ᠬᠦᠷᠴᠦ᠂ ᠭᠤᠤᠯᠳᠠᠯᠭ᠎ᠠ ᠲᠠᠢ ᠬᠥᠮᠦᠰ 100% ᠪᠠᠷ ᠳᠠᠭᠠᠳᠬᠠᠯ ᠳᠤ ᠣᠷᠣᠯᠴᠠᠬᠤ ᠶᠢ ᠪᠡᠶᠡᠯᠡᠭᠦᠯᠪᠡ᠃
2023 ᠣᠨ ᠤ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ 9 ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ ᠡᠬᠢᠯᠡᠵᠦ᠂ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠬᠢᠭᠡᠳ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠲᠤᠷᠠᠨ ᠳᠠᠷᠤᠮᠠᠯᠯᠠᠨ ᠲᠠᠷᠬᠠᠭᠠᠭᠰᠠᠨ 《2023 ᠣᠨ ᠤ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ》 ᠶᠣᠰᠣᠭᠠᠷ ᠬᠡᠷᠡᠭᠵᠢᠭᠦᠯᠵᠦ᠂ ᠥᠷᠭᠡᠨ ᠣᠯᠠᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠳᠤ ᠬᠠᠤᠯᠢ ᠶᠣᠰᠣᠭᠠᠷ ᠣᠷᠣᠯᠴᠠᠵᠤ᠂ ᠡᠮ ᠡᠮᠨᠡᠯᠭᠡ ᠶᠢᠨ ᠳᠠᠭᠠᠳᠬᠠᠯ ᠤᠨ ᠬᠠᠷᠠᠭᠠᠯᠵᠠᠯ ᠢ ᠬᠠᠤᠯᠢ ᠶᠣᠰᠣᠭᠠᠷ ᠭᠥᠷᠳᠡᠬᠦ ᠶᠢ ᠦᠨᠡᠨᠬᠦ ᠪᠠᠲᠤᠯᠠᠨ᠎ᠠ᠃ ᠮᠠᠨ ᠤ ᠬᠤᠲᠠ ᠶᠢᠨ 2023 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠤᠪᠢ ᠬᠥᠮᠦᠨ ᠤ ᠰᠦᠢᠳᠬᠡᠯ ᠲᠤᠰᠢᠶᠠᠬᠤ ᠪᠠᠷᠢᠮᠵᠢᠶ᠎ᠠ ᠨᠢ ᠬᠥᠮᠦᠨ ᠪᠦᠷᠢ 380 ᠲᠥᠭᠦᠷᠢᠭ ︵ᠨᠢᠳᠤᠨᠤᠨ ᠤ ᠬᠢ ᠠᠴᠠ 5 ᠲᠥᠭᠦᠷᠢᠭ ᠳᠡᠭᠡᠭᠰᠢᠯᠡᠪᠡ︶ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠱᠠᠭᠠᠷᠳᠠᠭᠰᠠᠨ ᠬᠠᠮᠤᠭ ᠤᠨ ᠳᠣᠤᠷ᠎ᠠ ᠪᠠᠷᠢᠮᠵᠢᠶ᠎ᠠ ᠪᠣᠯᠤᠨ᠎ᠠ᠃ ᠲᠥᠪᠯᠡᠷᠡᠭᠦᠯᠦᠨ ᠰᠦᠢᠳᠬᠡᠯ ᠲᠤᠰᠢᠶᠠᠬᠤ ᠴᠠᠭ ᠨᠢ 2022 ᠣᠨ ᠤ 9 ᠰᠠᠷ᠎ᠠ ᠶᠢᠨ 1 ᠤ ᠡᠳᠦᠷ ᠠᠴᠠ 2022 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ ᠪᠣᠯᠤᠨ᠎ᠠ᠂ ᠰᠦᠢᠳᠬᠡᠯ ᠲᠤᠰᠢᠶᠠᠬᠤ ᠠᠷᠭ᠎ᠠ ᠮᠠᠶ᠋ᠢᠭ ᠲᠤ ᠰᠦᠯᠵᠢᠶᠡᠨ ᠭᠠᠳᠠᠨ᠎ᠠ ᠰᠦᠢᠳᠬᠡᠯ ᠲᠤᠰᠢᠶᠠᠬᠤ᠂ ᠭᠠᠷ ᠤᠲᠠᠰᠤ ᠪᠠᠷ ᠰᠦᠢᠳᠬᠡᠯ ᠲᠤᠰᠢᠶᠠᠬᠤ᠂ ᠣᠷᠣᠯᠠᠨ ᠬᠤᠷᠢᠶᠠᠵᠤ ᠣᠷᠣᠯᠠᠨ ᠲᠤᠰᠢᠶᠠᠬᠤ᠂ ᠪᠡᠯᠡᠨ ᠵᠣᠭᠤᠰ ᠢᠶᠠᠷ ᠰᠦᠢᠳᠬᠡᠯ ᠲᠤᠰᠢᠶᠠᠬᠤ ᠵᠡᠷᠭᠡ ᠳᠥᠷᠪᠡᠨ ᠵᠦᠢᠯ ᠪᠠᠭᠲᠠᠨ᠎ᠠ᠃