ᠵᠤᠬᠢᠶᠠᠭᠴᠢ:
ᠴᠠᠭ:2025-03-27
ᠥᠵᠡᠭᠰᠡᠨ : ℃
ᠢᠷᠡᠯᠲᠡ:
ᠯᠤᠸᠠᠨ ᠲᠢᠶᠠᠨ ᠮᠧᠩ ᠬᠤᠲᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ ᠲᠥᠪ ᠤᠨ ᠨᠠᠢᠮᠠᠨ ᠵᠤᠷᠪᠤᠰ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠶᠢᠷᠢᠯᠠᠭᠤᠯᠪᠠ
2025 3 ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠶᠢᠨ ᠨᠠᠶᠢᠳᠠᠯᠭ᠎ᠠ ᠪᠠᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠯᠤᠸᠠᠨ ᠲᠢᠶᠠᠨ ᠮᠧᠩ ᠬᠤᠲᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠬᠤᠲᠠ ᠶᠢᠨ ᠲᠥᠪ ᠤᠨ ᠨᠠᠢᠮᠠᠨ ᠵᠤᠷᠪᠤᠰ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠰᠤᠳᠤᠯᠤᠨ ᠪᠠᠢᠷᠢᠯᠠᠭᠤᠯᠪᠠ᠃ ᠬᠤᠳᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠸᠠᠩ ᠶᠠ ᠵᠦᠩ᠂ ᠴᠢᠶᠣᠤ ᠰᠢᠤᠸᠠᠢ ᠹᠧᠩ᠂ ᠬᠤᠤ ᠡᠾᠦ᠋ᠢ ᠮᠢᠩ ᠬᠤᠷᠠᠯ ᠳᠤ ᠣᠷᠣᠯᠴᠠᠪᠠ᠃ ᠬᠤᠲᠠ ᠶᠢᠨ ᠤᠳᠤᠷᠢᠳᠤᠯᠭ᠎ᠠ ᠰᠣᠶᠤᠯᠴᠡᠴᠡᠭ᠂ ᠲᠢᠶᠠᠨ ᠰᠢᠶᠠᠩ ᠼᠦᠨ ᠬᠤᠷᠠᠯ ᠳᠤ ᠰᠤᠯᠠ ᠣᠷᠣᠯᠴᠠᠪᠠ᠃
ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠥᠪ ᠨᠠᠢ᠌ᠮᠠᠨ ᠵᠤᠷᠪᠤᠰ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠲᠤᠬᠠᠶ ᠰᠤᠷᠤᠯᠴᠠᠯᠭ᠎ᠠ ᠬᠥᠮᠦᠵᠢᠯ ᠤᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠪᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠫᠢᠩ ᠤᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠨᠠᠮ ᠤᠨ ᠭᠡᠰᠢᠭᠦᠨ᠂ ᠺᠠᠳ᠋ᠷᠴᠤᠳ ᠤᠨ ᠲᠥᠪ ᠨᠠᠢ᠌ᠮᠠᠨ ᠵᠤᠷᠪᠤᠰ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠥᠬᠦᠷᠡᠯ ᠥᠬᠡᠶ ᠲᠤᠤᠱᠯᠠᠭᠤᠯᠬᠤ ᠶᠢ ᠠᠬᠢᠭᠤᠯᠤᠨ᠂ ᠰᠢᠯᠢᠳᠡᠭ ᠰᠤᠷᠲᠠᠯ ᠢᠶᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠤᠯᠠᠭᠠᠨᠬᠠᠳᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠶ ᠭᠡᠵᠦ ᠴᠢᠬᠤᠯᠠᠴᠢᠯᠠᠪᠠ᠃
ᠬᠤᠷᠠᠯ ᠠᠴᠠ᠂ ᠬᠠᠷᠠᠯᠲᠠ ᠱᠠᠭᠠᠷᠳᠠᠯᠭ᠎ᠠ ᠶᠢ ᠲᠣᠳᠣᠷᠬᠠᠶᠢᠯᠠᠵᠤ᠂ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠴᠢᠩᠭ᠎ᠠ ᠡᠴᠡ ᠴᠢᠩᠭ᠎ᠠ᠂ ᠪᠣᠳᠠᠲᠠᠢ ᠡᠴᠡ ᠪᠣᠳᠠᠲᠠᠢ ᠠᠳᠬᠤᠬᠤ ᠬᠡᠷᠡᠭᠲᠡᠢ᠃ ᠪᠣᠳᠠᠲᠠᠶ ᠰᠤᠷᠤᠯᠴᠠᠵᠤ ᠰᠤᠳᠤᠯᠤᠨ ᠶᠠᠷᠢᠯᠴᠠᠬᠤ ᠶᠢ ᠠᠳᠬᠤᠵᠤ᠂ ᠶᠡᠷᠦᠩᠬᠡᠶ ᠱᠦᠵᠢ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ ᠪᠠ ᠲᠥᠪ ᠤᠨ ᠨᠠᠢᠮᠠᠨ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠤᠭ ᠶᠣᠰᠣ ᠶᠢ ᠣᠨᠣᠪᠴᠢᠲᠠᠶ ᠡᠵᠡᠮᠳᠡᠵᠦ᠂ ᠭᠤᠤᠯ ᠴᠢᠮᠥᠭᠡ ᠶᠢᠨ ᠴᠢᠬᠤᠯᠠ ᠠᠭᠤᠯᠭ᠎ᠠ ᠶᠢ ᠭᠦᠨᠵᠡᠭᠡᠶ ᠣᠶᠢᠯᠠᠭᠠᠬᠤ ᠬᠡᠷᠡᠭᠲᠡᠶ᠃ ᠠᠰᠠᠭᠤᠳᠠᠯ ᠢ ᠪᠠᠶᠢᠴᠠᠭᠠᠨ ᠳᠡᠯᠭᠡᠬᠦ ᠶᠢ ᠪᠣᠳᠠᠲᠠᠢ ᠠᠳᠬᠤᠵᠤ᠂ ᠰᠤᠷᠤᠯᠴᠠᠬᠤ ᠪᠠᠶᠢᠴᠠᠭᠠᠬᠤ ᠥᠭᠡᠷᠡᠴᠢᠯᠡᠬᠦ ᠶᠢ ᠨᠢᠭᠡ ᠴᠤᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠡᠰᠡᠷᠭᠦ ᠲᠠᠯ᠎ᠠ ᠶᠢᠨ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠢ ᠵᠠᠳᠠᠯᠤᠨ ᠰᠢᠨᠵᠢᠯᠡᠵᠦ᠂ ᠨᠢᠭᠡ ᠠᠴᠠ ᠨᠦᠬᠦᠭᠡ ᠶᠢ ᠮᠡᠳᠡᠵᠦ᠂ ᠴᠡᠭᠡᠷᠯᠡᠯ ᠠᠪᠬᠤ ᠬᠡᠷᠡᠭᠲᠡᠢ᠃ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠪᠣᠳᠠᠲᠠᠢ ᠳᠤ ᠠᠳᠬᠤᠵᠤ᠂ ᠲᠥᠪᠯᠡᠷᠡᠭᠦᠯᠦᠨ ᠴᠡᠭᠴᠡᠯᠡᠨ ᠵᠠᠰᠠᠬᠤ 11 ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠪᠡᠷ ᠤᠨ ᠪᠠᠶᠢᠴᠠᠭᠠᠯᠲᠠ ᠶᠢ ᠨᠠᠷᠢᠨ ᠬᠢᠨᠠᠮᠠᠭᠠᠢ ᠥᠷᠨᠢᠭᠦᠯᠦᠨ᠂ ᠴᠡᠭᠴᠡᠯᠡᠨ ᠰᠠᠶᠢᠵᠢᠷᠠᠭᠤᠯᠬᠤ ᠶᠢ ᠦᠨᠡᠨ ᠪᠣᠳᠠᠲᠠᠢ ᠠᠳᠬᠤᠵᠤ᠂ ᠠᠰᠠᠭᠤᠳᠠᠯ ᠤᠨ ᠲᠠᠬᠢᠨ ᠢᠯᠡᠷᠡᠬᠦ ᠶᠢ ᠡᠷᠡᠰ ᠬᠡᠷᠡᠭᠲᠡᠢ᠃ ᠨᠡᠭᠡᠭᠡᠯᠲᠡᠲᠦ ᠬᠥᠮᠦᠵᠢᠯ ᠢ ᠪᠣᠳᠠᠲᠠᠢ ᠠᠳᠬᠤᠵᠤ᠂ ᠤᠯᠠᠨ ᠲᠦᠮᠡᠨ ᠤ ᠬᠢᠨᠠᠯᠲᠠ ᠲᠠᠯᠪᠢᠵᠤ ᠦᠨᠡᠯᠡᠬᠦ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠰᠤᠷᠤᠯᠴᠠᠯᠭ᠎ᠠ ᠬᠥᠮᠦᠵᠢᠯ ᠤᠨ ᠠᠪᠴᠢᠷᠠᠭᠰᠠᠨ ᠰᠢᠨ᠎ᠡ ᠳᠦᠷᠰᠦ ᠪᠠᠶᠢᠳᠠᠯ ᠰᠢᠨ᠎ᠡ ᠬᠤᠪᠢᠷᠠᠯᠲᠠ ᠶᠢ ᠤᠯᠠᠨ ᠲᠦᠮᠡᠨ ᠳᠤ ᠮᠡᠳᠡᠷᠡᠭᠦᠯᠬᠦ ᠬᠡᠷᠡᠭᠲᠡᠢ᠃ ᠡᠯ᠎ᠡ ᠱᠠᠲᠤᠨ ᠤ ᠨᠠᠮ ᠤᠨ ᠬᠣᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠬᠠᠷᠢᠭᠤᠴᠠᠯᠭ᠎ᠠ ᠪᠠᠨ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ᠤᠬᠠᠭᠤᠯᠵᠤ ᠬᠦᠳᠦᠯᠦᠨ ᠵᠢᠯᠣᠭᠤᠳᠬᠤ ᠶᠢ ᠴᠢᠬᠤᠯᠠᠴᠢᠯᠠᠵᠤ᠂ ᠰᠤᠷᠤᠯᠴᠠᠯᠭ᠎ᠠ ᠬᠥᠮᠦᠵᠢᠯ ᠤᠨ ᠯᠠᠪᠳᠠᠭᠤᠨ ᠪᠠᠲᠤᠲᠠᠢ ᠡᠮᠬᠢ ᠵᠢᠷᠤᠮ ᠲᠠᠢ ᠥᠷᠨᠢᠬᠦ ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃
ᠬᠤᠷᠠᠯ ᠠᠴᠠ 《ᠪᠦᠬᠦ ᠬᠤᠳᠠ ᠳᠤ ᠲᠥᠪ ᠤᠨ ᠨᠠᠢᠮᠠᠨ ᠵᠣᠷᠪᠤᠰ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠦᠯ》 ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠭᠰᠡᠨ ᠪᠥᠭᠡᠳ 2025 ᠣᠨ ᠤ ᠬᠤᠳᠠ ᠶᠢᠨ ᠨᠠᠮ ᠤᠨ ᠬᠣᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠲᠤᠷᠠᠳᠪᠠ᠃