ᠵᠤᠬᠢᠶᠠᠭᠴᠢ:
ᠴᠠᠭ:2025-06-04
ᠥᠵᠡᠭᠰᠡᠨ : ℃
ᠢᠷᠡᠯᠲᠡ:
ᠤᠯᠠᠭᠠᠨᠬᠠᠳᠠ ᠬᠤᠲᠠ ᠶᠢᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ 2025 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠠᠵᠢᠯ ᠢ ᠪᠥᠬᠦ ᠲᠠᠯ᠎ᠠ ᠪᠠᠷ ᠡᠬᠢᠯᠡᠭᠦᠯᠪᠡ
ᠣᠶᠢᠷ᠎ᠠ ᠶᠢᠨ ᠡᠳᠦᠷ ᠤᠳ ᠲᠤ᠂ ᠤᠯᠠᠭᠠᠨᠬᠠᠳᠠ ᠬᠤᠲᠠ ᠶᠢᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ《2025 ᠣᠨ ᠤ ᠪᠥᠬᠦ ᠣᠷᠣᠨ ᠤ︿ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ﹀︿ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ﹀ ᠤᠨ ᠠᠵᠢᠯ ᠤᠨ ᠲᠥᠰᠦᠯ》 ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂《ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ》ᠠᠵᠢᠯ ᠤᠨ ᠭᠤᠤᠯ ᠰᠡᠳᠦᠪ ᠢ ᠠᠳᠬᠤᠵᠤ᠂ ᠡᠯ᠎ᠡ ᠭᠠᠵᠠᠷ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ᠂ 2025 ᠣᠨ ᠤ《ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ》《ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ》 ᠤᠨ ᠠᠵᠢᠯ ᠢ ᠪᠥᠬᠦ ᠲᠠᠯ᠎ᠠ ᠪᠠᠷ ᠡᠬᠢᠯᠡᠭᠦᠯᠪᠡ᠃ ᠤᠯᠠᠭᠠᠨᠬᠠᠳᠠ ᠬᠤᠲᠠ ᠶᠢᠨ ᠡᠯ᠎ᠡ ᠭᠠᠵᠠᠷ ᠣᠷᠣᠨ《ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ》 ᠶᠢᠨ ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠵᠦ᠂ ᠬᠥᠭᠵᠢᠶᠡᠨᠲᠡᠶ ᠠᠭᠤᠷ ᠠᠮᠢᠰᠬᠤᠯ ᠢ ᠪᠣᠶ ᠪᠣᠯᠭᠠᠪᠠ᠃ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠨᠢᠭᠡᠳᠦᠮᠡᠯ ᠹᠷᠣᠨᠲ ᠤᠨ ᠬᠡᠯᠲᠡᠰ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ᠂ ᠬᠠᠤᠯᠢ ᠴᠠᠭᠠᠵᠠ ᠶᠢᠨ ᠲᠣᠪᠴᠢᠶ᠎ᠠ ᠰᠦᠯᠵᠢᠶᠡᠨ ᠤ ᠰᠢᠭᠤᠳ ᠨᠡᠪᠲᠡᠷᠡᠭᠦᠯᠭᠡ ᠶᠢᠨ ᠬᠡᠯᠪᠡᠷᠢ ᠪᠠᠷ ᠨᠢᠩᠴᠧᠩ ᠰᠢᠶᠠᠨ ᠳᠤ ᠪᠥᠬᠦ ᠬᠤᠲᠠ ᠶᠢᠨ《ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ》 ᠶᠢᠨ ᠠᠵᠢᠯᠯᠠᠭ᠎ᠠ ᠶᠢ ᠬᠠᠮᠲᠤᠷᠠᠨ ᠡᠷᠭᠢᠯᠡᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠱᠧᠩ ᠼᠠᠢ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠮᠦᠩᠬᠡᠲᠡᠯᠡᠶ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠦᠸᠧ ᠢᠦᠶ ᠴᠢᠶᠠᠩ ᠠᠵᠢᠯᠯᠠᠭ᠎ᠠ ᠳᠤ ᠣᠷᠣᠯᠴᠠᠪᠠ᠃ ᠬᠤᠲᠠ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠮᠥ ᠠᠵᠢᠯᠯᠠᠭ᠎ᠠ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠨᠢᠩᠴᠧᠩ ᠰᠢᠶᠠᠨ ᠤ ᠨᠠᠮ ᠤᠨ ᠬᠤᠷᠢᠶᠠᠨ ᠤ ᠱᠦᠵᠢ ᠪᠦᠦ ᠠᠶ ᠮᠢᠨ ᠤᠭᠲᠤᠬᠤ ᠦᠭᠡ ᠬᠡᠯᠡᠵᠦ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠬᠤᠲᠠ ᠶᠢᠨ ᠦᠨᠳᠦᠰᠦᠲᠡᠨ ᠦ ᠬᠡᠷᠡᠭ ᠡᠷᠬᠢᠯᠡᠬᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠢᠶᠧ ᠶᠠᠨ ᠯᠢ ᠠᠵᠢᠯᠯᠠᠭ᠎ᠠ ᠶᠢ ᠡᠷᠭᠢᠯᠡᠪᠡ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠢ ᠳᠤ᠂ ᠨᠢᠩᠴᠧᠩ ᠰᠢᠶᠠᠨ ᠤ ᠤᠯᠠᠭᠠᠨᠮᠥ᠋ᠴᠢᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠭᠤᠤᠯ ᠰᠡᠳᠦᠪᠲᠦ ᠤᠷᠠᠨ ᠰᠠᠶᠢᠬᠠᠨ ᠤ ᠲᠣᠭᠯᠠᠯᠲᠠ ᠭᠠᠷᠭᠠᠵᠤ᠂ ᠠᠵᠢᠯᠲᠠᠳ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠭᠤᠳᠠᠰᠤ᠂ ᠤᠬᠠᠭᠤᠯᠭ᠎ᠠ ᠶᠢᠨ ᠳᠡᠪᠲᠡᠷ ᠲᠠᠷᠬᠠᠭᠠᠪᠠ᠃ ᠲᠤᠬᠠᠶ ᠶᠢᠨ ᠲᠠᠯᠠᠪᠠᠶ ᠳᠤ ᠪᠠᠰᠠ ᠬᠠᠶᠢᠷ᠎ᠠ ᠬᠠᠯᠠᠮᠵᠢ ᠶᠢᠨ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡ ᠪᠠ ᠰᠦᠯᠵᠢᠶᠡᠨ ᠤ ᠲᠠᠪᠴᠠᠩ ᠤᠨ ᠰᠢᠭᠤᠳ ᠨᠡᠪᠲᠡᠷᠡᠭᠦᠯᠭᠡ ᠬᠢᠵᠦ᠂ ᠦᠢᠯᠡᠴᠢᠯᠡᠭᠡᠨ ᠤ ᠵᠥᠪᠯᠡᠯᠭᠡ ᠠᠪᠤᠭᠰᠠᠨ ᠬᠥᠮᠦᠨ ᠤ ᠲᠤᠭ᠎ᠠ 2000 ᠭᠠᠷᠤᠶ ᠬᠥᠮᠦᠨ ᠤᠳᠠᠭ᠎ᠠ ᠳᠤ ᠬᠦᠷᠴᠦ᠂ ᠰᠦᠯᠵᠢᠶᠡᠨ ᠤ ᠰᠢᠭᠤᠳ ᠨᠡᠪᠲᠡᠷᠡᠭᠦᠯᠭᠡ ᠶᠢ ᠰᠦᠯᠵᠢᠶᠡᠨ ᠳᠡᠭᠡᠷ᠎ᠡ ᠦᠵᠡᠭᠰᠡᠨ ᠬᠥᠮᠦᠨ ᠤ ᠲᠤᠭ᠎ᠠ 10 ᠲᠦᠮᠡᠨ ᠬᠥᠮᠦᠨ ᠤᠳᠠᠭ᠎ᠠ ᠳᠤ ᠬᠦᠷᠪᠡ᠃ ᠰᠦᠩᠱᠠᠨ ᠲᠣᠭᠤᠷᠢᠭ ᠵᠤᠭᠠᠴᠠᠭᠰᠠᠳ ᠲᠤᠬᠠᠢ ᠶᠢᠨ ᠲᠠᠯᠠᠪᠠᠢ ᠳᠤ ᠵᠢᠷᠤᠭ ᠳᠦᠷᠰᠦ ᠪᠠᠷ 《ᠨᠢᠭᠡᠲᠦᠮᠡᠯ ᠬᠤᠯᠪᠤᠭᠠᠰᠦ》 ᠶᠢ ᠪᠡᠶᠡᠴᠢᠯᠡᠨ ᠣᠶᠢᠯᠠᠭᠠᠵᠤ᠂ ᠬᠡᠦᠬᠡᠳ ᠤᠳ《ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠦᠨ ᠮᠡᠲᠦ ᠳᠣᠲᠣᠨᠣ》ᠭᠡᠬᠦ ᠭᠤᠣᠯ ᠰᠡᠳᠦᠪᠲᠦ ᠰᠡᠭᠦᠳᠡᠷ ᠵᠦᠴᠦᠭᠡ ᠶᠢ ᠨᠠᠷᠢᠨ ᠬᠢᠨᠠᠮᠠᠭᠠᠢ ᠦᠵᠡᠵᠦ᠂ ᠠᠷᠠᠳ ᠤᠨ ᠵᠠᠩ ᠦᠢᠯᠡ ᠶᠢᠨ ᠵᠡᠭᠡᠯᠢ ᠶᠢᠨ《ᠠᠨᠠᠷ ᠤᠨ ᠦᠷ᠎ᠡ》ᠭᠡᠬᠦ ᠭᠤᠣᠯ ᠰᠡᠳᠦᠪᠲᠦ ᠰᠡᠭᠦᠳᠡᠷ ᠲᠠᠲᠠᠬᠤ ᠬᠠᠯᠠᠮᠰᠢᠯ ᠬᠡᠷᠡᠮ ᠤᠨ ᠡᠮᠦᠨ᠎ᠡ᠂ ᠦᠨᠳᠦᠰᠦᠲᠡᠨ ᠨᠦᠭᠦᠳ ᠤᠨ ᠤᠯᠠᠨ ᠲᠦᠮᠡᠨ ᠮᠠᠰᠢ ᠪᠠᠶᠠᠷ ᠪᠠᠶᠠᠰᠬᠤᠯᠠᠩ ᠲᠠᠢ ᠭᠡᠷᠡᠯ ᠵᠢᠷᠤᠭ ᠦᠯᠡᠳᠡᠭᠡᠪᠡ᠃ ᠯᠢᠨᠰᠢ ᠰᠢᠶᠠᠨ ᠠᠵᠢᠯᠯᠠᠭ᠎ᠠ ᠪᠠᠷ ᠳᠠᠮᠵᠢᠭᠤᠯᠤᠨ ᠤᠬᠠᠭᠤᠯᠭ᠎ᠠ ᠶᠢᠨ ᠰᠠᠷ᠎ᠠ︵ᠭᠠᠷᠠᠭ︶ ᠶᠢᠨ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ 《ᠤᠮᠠᠷᠠᠲᠤ ᠬᠢᠯᠢ ᠶᠢᠨ ᠠᠨᠠᠷ ᠤᠯᠠᠭᠠᠨ》ᠤᠬᠠᠭᠤᠯᠤᠨ ᠲᠠᠶᠢᠯᠪᠤᠷᠢᠯᠠᠬᠤ ᠳᠤᠭᠤᠶᠢᠯᠠᠩ ᠤᠨ ᠭᠡᠰᠢᠭᠦᠳ ᠲᠤ ᠤᠷᠢᠯᠭ᠎ᠠ ᠶᠢᠨ ᠪᠢᠴᠢᠭ ᠣᠯᠭᠤᠵᠤ᠂ ᠦᠨᠳᠦᠰᠦᠲᠡᠨ ᠤ ᠪᠦᠯᠬᠦᠮᠳᠡᠯ ᠤᠨ ᠭᠤᠤᠯ ᠰᠡᠳᠦᠪᠲᠦ ᠤᠬᠠᠭᠤᠯᠭ᠎ᠠ ᠲᠠᠶᠢᠯᠪᠤᠷᠢᠯᠠᠯᠲᠠ ᠬᠢᠵᠦ᠂ ᠨᠠᠷᠢᠨ ᠨᠢᠮᠪᠠᠶ ᠲᠥᠯᠥᠪᠯᠡᠨ ᠪᠠᠶᠢᠷᠢᠯᠠᠭᠤᠯᠵᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯ ᠢ ᠬᠠᠷᠠᠯᠲᠠ ᠲᠠᠢ ᠪᠠᠷ ᠬᠦᠴᠦᠯᠡᠨ ᠥᠷᠨᠢᠭᠦᠯᠪᠡ᠃ ᠪᠠᠭᠠᠷᠢᠨ ᠵᠡᠭᠦᠨ ᠬᠤᠰᠢᠭᠤ ᠯᠢᠶᠣᠤ ᠶᠢᠨ ᠳᠡᠭᠡᠳᠦ ᠨᠡᠶᠢᠰᠯᠡᠯ ᠤᠨ ᠮᠦᠽᠧᠢ ᠳᠤ《ᠠᠨᠠᠷ ᠤᠨ ᠴᠡᠴᠡᠭ ᠳᠡᠭᠡᠳᠦ ᠨᠡᠶᠢᠰᠯᠡᠯ ᠳᠤ ᠳᠡᠯᠭᠡᠷᠡᠪᠡᠢ》 ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠭᠡᠬᠦ ᠤᠷᠠᠨ ᠪᠢᠴᠢᠯᠭᠡ ᠤᠷᠠᠨ ᠵᠢᠷᠤᠭ ᠭᠡᠷᠡᠯ ᠵᠢᠷᠤᠭ ᠤᠨ ᠦᠵᠡᠰᠬᠦᠯᠡᠩ ᠢ ᠵᠣᠬᠢᠶᠠᠨ ᠪᠠᠶᠢᠭᠤᠯᠤᠨ ᠥᠷᠨᠢᠭᠦᠯᠵᠦ ᠂《ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠥᠮᠥᠨ ᠮᠡᠲᠦ ᠳᠣᠲᠣᠨᠣ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠶᠢ ᠬᠠᠮᠲᠤᠪᠠᠷ ᠲᠡᠷᠭᠡᠯᠰᠢᠭᠦᠯᠬᠦ》ᠠᠮᠢᠳᠤᠯᠢᠭ ᠦᠢᠯᠡᠳᠦᠯᠭᠡ ᠶᠢ ᠳᠡᠯᠭᠡᠨ ᠦᠵᠡᠭᠦᠯᠪᠡ᠃