ᠵᠤᠬᠢᠶᠠᠭᠴᠢ:
ᠴᠠᠭ:2019-10-25
ᠥᠵᠡᠭᠰᠡᠨ : ℃
ᠢᠷᠡᠯᠲᠡ:
《 ᠤᠯᠠᠭᠠᠨᠴᠠᠪ ᠠᠶᠢᠮᠠᠭ ᠤᠨ ᠣᠶᠢᠯᠠᠯᠭ᠎ᠠ 》
2004 ᠣᠨ ᠤ 8 ᠳ᠋ᠤᠭᠠᠷ ᠰᠠᠷ᠎ᠠ ᠳᠤ ᠬᠢᠲᠠᠳ ᠬᠡᠪᠯᠡᠯ ᠦᠨ 《 ᠤᠯᠠᠭᠠᠨᠴᠠᠪ ᠠᠶᠢᠮᠠᠭ ᠤᠨ ᠣᠶᠢᠯᠠᠯᠭ᠎ᠠ 》 ᠶᠢ ᠥᠪᠥᠷ ᠮᠣᠩᠭᠣᠯ ᠤᠨ ᠰᠣᠶᠣᠯ ᠤᠨ ᠬᠡᠪᠯᠡᠯ ᠦᠨ ᠬᠣᠷᠢᠶ᠎ᠠ ᠠᠴᠠ ᠬᠡᠪᠯᠡᠨ ᠲᠠᠷᠬᠠᠭᠠᠪᠠ ᠃ ᠨᠡᠶᠢᠲᠡ 24.88 ᠲᠦᠮᠡᠨ ᠦᠰᠦᠭ ᠲᠡᠶ ᠃ ᠡᠷᠬᠢᠯᠡᠨ ᠨᠠᠶᠢᠷᠠᠭᠤᠯᠤᠭᠴᠢ ᠰᠦᠨ ᠵᠢᠶ ᠭᠤᠸᠠᠩ ᠃
《 ᠤᠯᠠᠭᠠᠨᠴᠠᠪ ᠠᠶᠢᠮᠠᠭ ᠤᠨ ᠣᠶᠢᠯᠠᠯᠭ᠎ᠠ 》 ᠶᠢ ᠲᠣᠮᠣ ᠶᠡᠬᠡ ᠬᠡᠷᠡᠭ ᠶᠠᠪᠤᠳᠠᠯ ᠤᠨ ᠲᠡᠮᠳᠡᠭᠯᠡᠯ ᠂ ᠵᠠᠰᠠᠭ ᠵᠠᠬᠢᠷᠭᠠᠨ ᠤ ᠣᠷᠣᠨ ᠂ ᠪᠠᠶᠢᠭᠠᠯᠢ ᠶᠢᠨ ᠣᠷᠴᠢᠨ ᠲᠣᠭᠣᠷᠢᠨ ᠂ ᠬᠥᠮᠦᠨ ᠠᠮᠠ ᠂ ᠦᠨᠳᠦᠰᠦᠲᠡᠨ᠂ ᠱᠠᠰᠢᠨ ᠰᠤᠷᠲᠠᠬᠤᠨ ᠂ ᠨᠠᠮ ᠪᠦᠯᠦᠭ ᠂ ᠵᠠᠰᠠᠭ ᠦᠨ ᠡᠷᠬᠡ ᠂ ᠤᠯᠤᠰ ᠲᠥᠷᠥ ᠶᠢᠨ ᠵᠥᠪᠯᠡᠯᠭᠡᠨ ᠂ ᠬᠥᠳᠡᠯᠮᠦᠷᠢ᠂ ᠠᠵᠢᠯᠲᠠᠨ ᠤ ᠶᠠᠪᠤᠳᠠᠯ ᠂ ᠠᠷᠠᠳ ᠤᠨ ᠶᠠᠪᠤᠳᠠᠯ᠂ ᠶᠠᠳᠠᠭᠤ ᠶᠢ ᠲᠡᠳᠬᠦᠬᠦ ᠂ ᠭᠠᠳᠠᠭᠠᠳᠤ ᠶᠠᠪᠤᠳᠠᠯ ᠂ ᠵᠢᠭᠤᠯᠴᠢᠯᠠᠯ ᠂ ᠳᠣᠲᠣᠭᠠᠳᠤ ᠶᠢ ᠬᠠᠮᠠᠭᠠᠯᠠᠬᠤ ᠂ ᠪᠠᠶᠢᠴᠠᠭᠠᠬᠤ ᠂ ᠰᠢᠭᠦᠬᠦ ᠂ ᠬᠠᠣᠯᠢ ᠴᠠᠭᠠᠵᠠ ᠶᠢᠨ ᠵᠠᠰᠠᠭ ᠵᠠᠬᠢᠷᠭ᠎ᠠ ᠂ ᠴᠡᠷᠢᠭ ᠦᠨ ᠶᠠᠪᠤᠳᠠᠯ ᠂ ᠲᠠᠷᠢᠶᠠᠯᠠᠩ ᠂ ᠮᠠᠯ ᠠᠵᠤ ᠠᠬᠤᠶ ᠂ ᠣᠢ ᠰᠢᠭᠤᠶ ᠂ ᠵᠢᠭᠠᠰᠤᠨ ᠠᠵᠤ ᠠᠬᠤᠶ ᠂ ᠰᠤᠮᠤ ᠪᠠᠯᠭᠠᠰᠤᠨ ᠤ ᠠᠵᠤ ᠠᠬᠤᠶᠢᠯᠠᠯ᠂ ᠤᠰᠤᠨ ᠠᠰᠢᠭᠯᠠᠯᠲᠠ ᠂ ᠴᠠᠬᠢᠯᠭᠠᠨ ᠬᠦᠴᠦᠨ ᠂ ᠠᠵᠤ ᠦᠢᠯᠡᠳᠪᠦᠷᠢ᠂ ᠵᠠᠰᠠᠮᠠᠯ ᠵᠠᠮ ᠤᠨ ᠵᠠᠮ ᠬᠠᠷᠢᠯᠴᠠᠭ᠎ᠠ ᠂ ᠲᠡᠮᠦᠷ ᠵᠠᠮ ᠂ ᠰᠢᠣᠳᠠᠨ ᠂ ᠬᠣᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠂ ᠣᠷᠴᠢᠨ ᠲᠣᠭᠣᠷᠢᠨ ᠤ ᠬᠠᠮᠠᠭᠠᠯᠠᠯᠲᠠ ᠂ ᠬᠤᠳᠠᠯᠳᠤᠭ᠎ᠠ ᠂ ᠠᠮᠤ ᠪᠤᠳᠠᠭ᠎ᠠ ᠂ ᠭᠠᠳᠠᠭᠠᠳᠤ ᠠᠷᠠᠯᠵᠢᠶ᠎ᠠ ᠂ ᠡᠳ᠋ ᠦᠨ ᠵᠠᠰᠠᠭ ᠂ ᠭᠠᠶᠢᠯᠢ ᠶᠢᠨ ᠶᠠᠪᠤᠳᠠᠯ ᠂ ᠮᠥᠩᠭᠥᠨ ᠭᠦᠢᠯᠭᠡᠭᠡ ᠂ ᠠᠵᠤ ᠠᠬᠤᠶ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠂ ᠰᠤᠷᠭᠠᠨ ᠬᠥᠮᠦᠵᠢᠯ ᠂ ᠰᠢᠨᠵᠢᠯᠡᠬᠦ ᠤᠬᠠᠭᠠᠨ ᠮᠡᠷᠭᠡᠵᠢᠯ ᠂ ᠰᠣᠶᠣᠯ ᠂ ᠰᠣᠨᠢᠨ ᠮᠡᠳᠡᠭᠡ ᠂ ᠡᠷᠡᠭᠦᠯ ᠬᠠᠮᠠᠭᠠᠯᠠᠯ ᠂ ᠪᠡᠶ᠎ᠡ ᠶᠢᠨ ᠲᠠᠮᠢᠷ ᠂ ᠳᠠᠩᠰᠠ ᠡᠪᠬᠡᠮᠡᠯ ᠲᠡᠣᠬᠡ ᠣᠶᠢᠯᠠᠯᠭ᠎ᠠ ᠂ᠲᠡᠣᠬᠡ ᠶᠢᠨ ᠳᠤᠷᠠᠰᠬᠠᠯᠲᠤ ᠵᠦᠢᠯ᠂ ᠵᠠᠩ ᠦᠢᠯᠡ ᠂ ᠨᠤᠲᠤᠭ ᠤᠨ ᠠᠶᠠᠯᠭᠤ ᠪᠠ ᠴᠣᠣᠲᠣ ᠬᠦᠮᠦᠰ ᠵᠡᠷᠭᠡ 48 ᠨᠠᠢᠷᠠᠮᠵᠢ ᠪᠠᠷ ᠪᠦᠷᠢᠯᠳᠦᠵᠡᠢ ᠃