ᠵᠤᠬᠢᠶᠠᠭᠴᠢ: 
							ᠴᠠᠭ:2017-09-04
							ᠥᠵᠡᠭᠰᠡᠨ :  ℃
                                                        ᠢᠷᠡᠯᠲᠡ: 
						
						
							 ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ ᠤ ᠣᠶᠢᠯᠠᠯᠭᠠ    ᠬᠢᠲᠠᠳ 						
						
												
	《ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ ᠤ ᠣᠶᠢᠯᠠᠯᠭᠠ》  ᠶᠢ 1994 ᠣᠨ ᠤ 3 ᠳ᠋ᠤᠭᠠᠷ  ᠰᠠᠷᠠ ᠳᠤ᠂ ᠥᠪᠥᠷ ᠮᠣᠩᠭᠣᠯ ᠤᠨ ᠠᠷᠠᠳ ᠤᠨ ᠬᠡᠪᠯᠡᠯ ᠦᠨ ᠬᠣᠷᠢᠶᠠ ᠡᠴᠡ ᠬᠡᠪᠯᠡᠨ ᠲᠠᠷᠬᠠᠭᠠᠪᠠ᠃ 80 ᠲᠦᠮᠡᠨ ᠦᠰᠦᠭ ᠲᠠᠢ᠃ ᠭᠣᠣᠯᠯᠠᠨ ᠨᠠᠶᠢᠷᠠᠭᠤᠯᠤᠭᠴᠢ ᠄  ᠮᠥᠩᠬᠡᠳᠡᠯᠭᠡᠷ᠃
	《ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ ᠤ ᠣᠶᠢᠯᠠᠯᠭᠠ》  ᠳᠤ᠂ ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ ᠤ ᠪᠠᠶᠢᠭᠠᠯᠢ᠂ ᠤᠯᠤᠰ ᠲᠥᠷᠥ᠂ ᠠᠵᠤ ᠠᠬᠤᠢ᠂ ᠨᠡᠶᠢᠭᠡᠮ᠂ ᠤᠳᠬᠠ ᠰᠣᠶᠣᠯ ᠵᠡᠷᠭᠡ ᠣᠯᠠᠨ ᠲᠠᠯᠠ  ᠶᠢᠨ ᠲᠡᠦᠬᠡ ᠶᠢᠨ ᠪᠠ ᠣᠳᠣᠬᠢ  ᠪᠠᠶᠢᠳᠠᠯ ᠢ ᠲᠡᠮᠳᠡᠭᠯᠡᠵᠡᠢ᠃ ᠬᠡᠷᠡᠭ ᠶᠠᠪᠤᠳᠠᠯ ᠤᠨ ᠡᠭᠦᠰᠦᠯ ᠢ ᠮᠥᠷᠳᠡᠵᠦ᠂ ᠬᠡᠷᠡᠭ ᠶᠠᠪᠤᠳᠠᠯ ᠤᠨ ᠡᠭᠦᠰᠦᠯ ᠢᠶᠡᠷ ᠡᠬᠢᠯᠡᠯᠲᠡ ᠪᠣᠯᠭᠠᠨ ᠲᠡᠮᠳᠡᠭᠯᠡᠵᠦ᠂ 1990 ᠣᠨ  ᠢᠶᠠᠷ ᠬᠢᠵᠠᠭᠠᠷᠯᠠᠨ ᠲᠡᠮᠳᠡᠭᠯᠡᠪᠡ᠃
	《ᠳᠠᠷᠬᠠᠨ ᠮᠤᠤᠮᠢᠩᠭᠠᠨ ᠬᠣᠯᠪᠣᠭᠠᠲᠤ ᠬᠣᠰᠢᠭᠤᠨ ᠤ ᠣᠶᠢᠯᠠᠯᠭᠠ》 ᠨᠢ ᠬᠤᠷᠢᠶᠠᠩᠭᠤᠶᠢᠯᠠᠯ᠂ ᠲᠣᠮᠣ ᠶᠠᠪᠤᠳᠠᠯ ᠤᠨ ᠲᠡᠮᠳᠡᠭᠯᠡᠯ᠂ ᠵᠠᠰᠠᠭ ᠵᠠᠬᠢᠷᠭᠠᠨ ᠤ ᠪᠠᠶᠢᠭᠤᠯᠤᠮᠵᠢ᠂ ᠪᠠᠶᠢᠭᠠᠯᠢ ᠣᠷᠴᠢᠨ ᠲᠣᠭᠣᠷᠢᠨ᠂ ᠠᠵᠤ ᠠᠬᠤᠢ᠂ ᠬᠥᠮᠥᠨ ᠠᠮᠠ ᠦᠨᠳᠦᠰᠦᠲᠡᠨ ᠂ ᠮᠠᠯ ᠠᠵᠤ ᠠᠬᠤᠢ᠂ ᠣᠢ ᠰᠢᠭᠣᠢ ᠲᠠᠷᠢᠶᠠᠯᠠᠩ ᠂ ᠣᠰᠣᠨ ᠠᠰᠢᠭᠯᠠᠯᠲᠠ ᠴᠠᠬᠢᠯᠭᠠᠨ ᠬᠦᠴᠦ᠂ ᠠᠵᠤ ᠦᠢᠯᠡᠳᠪᠦᠷᠢ᠂ ᠵᠠᠮ ᠬᠠᠷᠢᠯᠴᠠᠭᠠ ᠰᠢᠤᠳᠠᠨ᠂ ᠬᠤᠳᠠᠯᠳᠤᠭᠠ᠂ ᠡᠳ᠋ ᠦᠨ ᠵᠠᠰᠠᠭ᠂ ᠬᠣᠲᠠ ᠶᠢᠨ ᠪᠦᠲᠦᠭᠡᠨ ᠪᠠᠶᠢᠭᠤᠯᠤᠯᠲᠠ ᠭᠠᠵᠠᠷ ᠰᠢᠷᠣᠢ᠂ ᠨᠠᠮ ᠵᠠᠰᠠᠭ ᠣᠯᠠᠨ ᠲᠦᠮᠡᠨ ᠦ ᠪᠦᠯᠬᠦᠮ᠂ ᠵᠠᠰᠠᠭ ᠤᠨ ᠡᠷᠬᠡ᠂ ᠠᠷᠠᠳ ᠤᠨ ᠶᠠᠪᠤᠳᠠᠯ ᠬᠥᠳᠡᠯᠮᠦᠷᠢ ᠠᠵᠢᠯᠲᠠᠨ ᠤ ᠬᠠᠮᠢᠶᠠᠷᠤᠯᠲᠠ᠂ ᠤᠯᠤᠰ ᠲᠥᠷᠥ ᠬᠠᠤᠯᠢ ᠴᠠᠭᠠᠵᠠ᠂ ᠴᠡᠷᠢᠭ ᠦᠨ ᠶᠠᠪᠤᠳᠠᠯ᠂ ᠰᠣᠶᠣᠯ᠂ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠮᠡᠷᠭᠡᠵᠢᠯ᠂ ᠡᠷᠡᠭᠦᠯ ᠬᠠᠮᠠᠭᠠᠯᠠᠯ ᠪᠡᠶᠡ ᠶᠢᠨ ᠲᠠᠮᠢᠷ ᠂  ᠵᠠᠩ ᠦᠢᠯᠡ ᠱᠠᠰᠢᠨ ᠰᠤᠷᠲᠠᠬᠤᠨ᠂ ᠴᠤᠤᠲᠤ ᠬᠥᠮᠥᠰ ᠵᠡᠷᠭᠡ 22 ᠨᠠᠶᠢᠷᠠᠭᠤᠯᠤᠮᠵᠢ᠂ 89 ᠪᠦᠯᠦᠭ᠂ 297 ᠬᠡᠰᠡᠭ ᠲᠠᠢ ᠪᠠᠶᠢᠳᠠᠭ᠃