ᠵᠤᠬᠢᠶᠠᠭᠴᠢ:
ᠴᠠᠭ:2022-03-25
ᠥᠵᠡᠭᠰᠡᠨ : ℃
ᠢᠷᠡᠯᠲᠡ: 《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠣᠶᠢᠯᠠᠯᠭ᠎ᠠ ᠤᠯᠤᠰ ᠤᠨ ᠭᠠᠶᠢᠯᠢ ᠶᠢᠨ ᠶᠠᠪᠤᠳᠠᠯ ᠤᠨ ᠣᠶᠢᠯᠠᠯᠭ᠎ᠠ ( 2004—2018 ) 》
《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠣᠶᠢᠯᠠᠯᠭ᠎ᠠ ᠤᠯᠤᠰ ᠤᠨ ᠭᠠᠶᠢᠯᠢ ᠶᠢᠨ ᠶᠠᠪᠤᠳᠠᠯ ᠤᠨ ᠣᠶᠢᠯᠠᠯᠭ᠎ᠠ ( 2004—2018 ) 》
2020 ᠣᠨ ᠤ 12 ᠰᠠᠷ᠎ᠠ ᠳᠤ ᠂ 《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠣᠶᠢᠯᠠᠯᠭ᠎ᠠ ᠤᠯᠤᠰ ᠤᠨ ᠭᠠᠶᠢᠯᠢ ᠶᠢᠨ ᠶᠠᠪᠤᠳᠠᠯ ᠤᠨ ᠣᠶᠢᠯᠠᠯᠭ᠎ᠠ ( 2004—2018 ) 》 ᠵᠢ ᠳᠤᠮᠳᠠᠳᠤ ᠤᠯᠤᠰ ᠤᠨ ᠭᠠᠶᠢᠯᠢ ᠶᠢᠨ ᠶᠠᠪᠤᠳᠠᠯ ᠤᠨ ᠬᠡᠪᠯᠡᠯ ᠦᠨ ᠬᠣᠷᠢᠶ᠎ᠠ ᠠᠴᠠ ᠬᠡᠪᠯᠡᠭᠦᠯᠦᠨ ᠲᠠᠷᠬᠠᠭᠠᠪᠠ᠃ ᠨᠡᠶᠢᠲᠡ 67.9 ᠲᠦᠮᠡᠨ ᠦᠰᠦᠭ ᠲᠡᠶ᠃ ᠭᠦᠸᠧ ᠹᠸᠩ ᠮᠢᠩ ᠂ ᠯᠢ ᠴᠢ ᠳ᠋ᠧᠦ᠃
《 ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠣᠶᠢᠯᠠᠯᠭ᠎ᠠ ᠤᠯᠤᠰ ᠤᠨ ᠭᠠᠶᠢᠯᠢ ᠶᠢᠨ ᠶᠠᠪᠤᠳᠠᠯ ᠤᠨ ᠣᠶᠢᠯᠠᠯᠭ᠎ᠠ ( 2004—2018 ) 》 ᠶᠢᠨ ᠴᠠᠭ ᠬᠤᠭᠤᠴᠠᠭ᠎ᠠ ᠶᠢ 2004 ᠣᠨ ᠤ 1 ᠰᠠᠷ᠎ᠠ ᠠᠴᠠ ᠡᠬᠢᠯᠡᠨ 2015 ᠣᠨ ᠤ 12 ᠰᠠᠷ᠎ᠠ ᠬᠦᠷᠲᠡᠯ᠎ᠡ 2018 ᠣᠨ ᠤ 6 ᠳ᠋ᠤᠭᠠᠷ ᠰᠠᠷ᠎ᠠ ᠳᠤ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠬᠢᠭᠡᠳ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠪᠠᠶᠢᠭᠤᠯᠤᠮᠵᠢ ᠶᠢ ᠨᠡᠶᠢᠯᠡᠭᠦᠯᠵᠦ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠪᠣᠯᠭᠠᠭᠰᠠᠨ ᠪᠣᠯᠬᠣᠷ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠭᠠᠶᠢᠯᠢ ᠲᠠᠲᠠᠪᠤᠷᠢ ᠶᠢᠨ ᠦᠶᠯᠡᠰ ᠶᠢᠨ ᠪᠦᠷᠢᠨ ᠪᠦᠲᠦᠨ ᠴᠢᠨᠠᠷ ᠢ ᠪᠠᠲᠤᠯᠠᠬᠤ ᠶᠢᠨ ᠲᠤᠰᠠᠳᠠ ᠂ ᠣᠨᠴᠠᠭᠠᠶᠢᠯᠠᠨ ᠲᠣᠰ ᠣᠶᠢᠯᠠᠯᠭ᠎ᠠ ᠶᠢᠨ ᠬᠠᠷᠢᠶᠠᠯᠠᠭᠳᠠᠬᠤ ᠴᠠᠭ ᠢ 2018 ᠣᠨ ᠤ 6 ᠳ᠋ᠤᠭᠠᠷ ᠰᠠᠷ᠎ᠠ ᠪᠣᠯᠲᠠᠯ᠎ᠠ ᠤᠷᠲᠤᠳᠬᠠᠪᠠ᠃ ᠣᠶᠢᠯᠠᠯᠭ᠎ᠠ ᠨᠢ ᠲᠣᠶᠢᠮᠣᠴᠢᠯᠠᠯ ᠂ ᠬᠡᠷᠡᠭ ᠦᠨ ᠲᠡᠮᠳᠡᠭᠯᠡᠯ ᠂ ᠲᠤᠰᠬᠠᠶ ᠲᠡᠮᠳᠡᠭᠯᠡᠯ ᠂ ᠭᠠᠶᠢᠯᠢ ᠲᠠᠲᠠᠪᠤᠷᠢ ᠶᠢᠨ ᠳᠦᠷᠢᠮ ᠂ ᠭᠠᠶᠢᠯᠢ ᠶᠢᠨ ᠶᠠᠪᠤᠳᠠᠯ ᠤᠨ ᠬᠠᠮᠢᠶᠠᠷᠤᠯᠲᠠ ᠂ ᠵᠠᠰᠠᠭ ᠵᠠᠬᠢᠷᠭᠠᠨ ᠤ ᠬᠠᠮᠢᠶᠠᠷᠤᠯᠲᠠ ᠂ ᠬᠥᠮᠦᠰ ᠢᠷᠠᠭᠤ ᠠᠯᠳᠠᠷ ᠂ ᠳᠠᠭᠠᠯᠳᠤᠭᠤᠯᠤᠯ ᠵᠡᠷᠭᠡ 3 ᠪᠠᠷ ᠃