ᠵᠤᠬᠢᠶᠠᠭᠴᠢ:
ᠴᠠᠭ:2024-04-25
ᠥᠵᠡᠭᠰᠡᠨ : ℃
ᠢᠷᠡᠯᠲᠡ: ︽ᠣᠷᠳᠣᠰ ᠤᠨ ᠣᠨ ᠤ ᠣᠶᠢᠯᠠᠪᠤᠷᠢ︵2017 ︱ 2019︶︾
︽ᠣᠷᠳᠣᠰ ᠤᠨ ᠣᠨ ᠤ ︵2017 ︱ 2019︶ ︾
2022 ᠣᠨ ᠤ 12 ᠰᠠᠷ᠎ᠠ ᠳᠤ ᠂ 《ᠣᠷᠳᠣᠰ ᠤᠨ ᠣᠨ ᠤ ᠣᠶᠢᠯᠠᠪᠤᠷᠢ︵2017 ︱ 2019︶》 ᠶᠢ ᠬᠡᠪᠯᠡᠯ ᠦᠨ ᠬᠣᠷᠢᠶ᠎ᠠ ᠠᠴᠠ ᠬᠡᠪᠯᠡᠭᠦᠯᠦᠨ ᠲᠠᠷᠬᠠᠭᠠᠪᠠ ᠃ ᠨᠡᠶᠢᠲᠡ 213.5 ᠲᠦᠮᠡᠨ ᠦᠰᠦᠭ ᠲᠡᠶ ᠃ ᠡᠷᠬᠢᠯᠡᠨ ᠨᠠᠶᠢᠷᠠᠭᠤᠯᠤᠭᠴᠢ ᠸᠠᠩ ᠃
《ᠣᠷᠳᠣᠰ ᠤᠨ ᠣᠨ ᠤ ᠣᠶᠢᠯᠠᠪᠤᠷᠢ︵2017 ︱ 2019︶》 ᠶᠢ ᠣᠷᠳᠣᠰ ᠬᠣᠲᠠ ᠶᠢᠨ ᠲᠠᠩᠰᠠ ᠡᠪᠬᠡᠮᠡᠯ ᠲᠡᠸᠬᠡ ᠣᠶᠢᠯᠠᠯᠭ᠎ᠠ ᠶᠢᠨ ᠰᠠᠩ ᠨᠠᠶᠢᠷᠠᠭᠤᠯᠪᠠ ᠃ ᠲᠡᠮᠳᠡᠭᠯᠡᠨ ᠲᠣᠭᠠᠴᠢᠭᠰᠠᠨ ᠴᠠᠭ ᠤᠨ ᠬᠢᠵᠠᠭᠠᠷ ᠨᠢ 2016 ᠣᠨ ᠤ 1 ᠰᠠᠷ᠎ᠠ ᠶᠢᠨ 1 ᠦ ᠡᠳᠦᠷ ᠡᠴᠡ 2018 ᠣᠨ ᠤ 12 ᠰᠠᠷ᠎ᠠ ᠶᠢᠨ 31 ᠦ ᠪᠣᠯᠣᠨ᠎ᠠ ᠮᠠᠷᠺᠰ ᠯᠧᠨᠢᠨ ᠦ ᠦᠵᠡᠯ ᠂ ᠮᠠᠤ ᠽᠸ ᠳ᠋ᠦᠩ ᠦᠨ ᠦᠵᠡᠯ ᠰᠠᠨᠠᠭ᠎ᠠ ᠂ ᠳ᠋ᠧᠩ ᠰᠢᠶᠤᠤ ᠫᠢᠩ ᠦᠨ ᠣᠨᠣᠯ ᠂ 《ᠭᠤᠷᠪᠠ ᠶᠢ ᠲᠥᠯᠥᠭᠡᠯᠡᠬᠦ 》ᠴᠢᠬᠤᠯᠠ ᠦᠵᠡᠯ ᠰᠠᠨᠠᠭ᠎ᠠ ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠣᠳᠣᠯᠭ᠎ᠠ ᠪᠣᠯᠭᠠᠬᠤ ᠶᠢ ᠪᠠᠷᠢᠮᠲᠠᠯᠠᠵᠤ ᠂ 2016 ᠣᠨ ᠂ 2017 ᠣᠨ ᠂ 2018 ᠣᠨ ᠤ ᠣᠷᠳᠣᠰ ᠬᠣᠲᠠ ᠶᠢᠨ ᠪᠠᠶᠢᠭᠠᠯᠢ ᠂ ᠤᠯᠤᠰ ᠲᠥᠷᠥ ᠂ ᠠᠵᠤ ᠠᠬᠤᠶ ᠂ ᠰᠣᠶᠣᠯ ᠂ ᠨᠡᠶᠢᠭᠡᠮ ᠵᠡᠷᠭᠡ ᠲᠠᠯ᠎ᠠ ᠶᠢᠨ ᠦᠨᠳᠦᠰᠦᠨ ᠪᠠᠶᠢᠳᠠᠯ ᠢ ᠪᠥᠬᠥ ᠲᠠᠯ᠎ᠠ ᠪᠠᠷ ᠰᠢᠰᠲ᠋ᠧᠮ ᠲᠡᠶ ᠂ ᠪᠤᠰᠤᠳᠴᠢ ᠪᠠᠷ ᠲᠡᠮᠳᠡᠭᠯᠡᠵᠦ ᠂ ᠴᠠᠭ ᠦᠶ᠎ᠡ ᠶᠢᠨ ᠣᠨᠴᠠᠯᠢᠭ ᠂ ᠣᠷᠣᠨ ᠨᠤᠲᠤᠭ ᠤᠨ ᠣᠨᠴᠠᠯᠢᠭ ᠪᠠ ᠣᠨ ᠤ ᠣᠨᠴᠠᠯᠢᠭ ᠢ ᠢᠯᠡᠷᠡᠭᠦᠯᠵᠠᠢ ᠃ ᠬᠡᠰᠡᠭ ᠵᠦᠢᠯ ᠵᠤᠷᠪᠤᠰ ᠲᠤ ᠳᠡᠰ ᠳᠠᠪᠬᠤᠷᠭ᠎ᠠ ᠶᠢᠨ ᠴᠢᠨᠠᠷᠲᠠᠶ ᠵᠢᠵᠢᠭ ᠭᠠᠷᠴᠠᠭ ᠨᠡᠮᠡᠪᠡ᠃ ᠪᠤᠳᠢ ᠶᠢᠨ ᠡᠬᠢᠨ ᠳᠦ 《ᠣᠨᠴᠠ ᠲᠡᠮᠳᠡᠭᠯᠡᠯ》《 ᠬᠡᠷᠡᠭ ᠦᠨ ᠲᠡᠮᠳᠡᠭᠯᠡᠯ》《ᠬᠤᠳᠠ ᠶᠢᠨ ᠪᠠᠶᠢᠳᠠᠯ ᠤᠨ ᠲᠣᠶᠢᠮᠣ》 《ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠳᠤᠰ ᠬᠤᠳᠠ ᠶᠢᠨ ᠬᠣᠷᠢᠢ᠎ᠠ》ᠵᠡᠷᠭᠡ ᠲᠦᠷᠦᠯ ᠢ ᠲᠤᠬᠢᠷᠠᠭᠤᠯᠵᠤ᠂ ᠪᠤᠳᠢ ᠶᠢᠨ ᠡᠴᠦᠰ ᠲᠦ 《ᠳᠠᠭᠠᠯᠳᠤᠭᠤᠯᠤᠯ》 ᠲᠤᠬᠢᠷᠠᠭᠤᠯᠪᠠ᠃