ᠵᠤᠬᠢᠶᠠᠭᠴᠢ:
ᠴᠠᠭ:2025-01-10
ᠥᠵᠡᠭᠰᠡᠨ : ℃
ᠢᠷᠡᠯᠲᠡ: ︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠶ᠎ᠡ —— ᠥᠪᠥᠷ ᠮᠣᠩᠭᠤᠯ ᠤᠨ ᠶᠠᠪᠤᠳᠠᠯ ᠤᠨ ᠲᠡᠮᠳᠡᠭᠯᠡᠯ︾
︽ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠶ᠎ᠡ —— ᠦᠪᠦᠷ ᠮᠤᠩᠭᠤᠯ ᠤᠨ ᠶᠠᠪᠤᠳᠠᠯ ᠤᠨ ᠲᠡᠮᠳᠡᠭᠯᠡᠯ︾
2022 ᠣᠨ ᠤ 9 ᠳ᠋ᠦ᠋ᠭᠡᠷ ᠰᠠᠷ᠎ᠠ ᠳᠤ᠂《ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠶ᠎ᠡ —— ᠥᠪᠥᠷ ᠮᠣᠩᠭᠤᠯ ᠤᠨ ᠶᠠᠪᠤᠳᠠᠯ ᠤᠨ ᠲᠡᠮᠳᠡᠭᠯᠡᠯ》 ᠢ ᠥᠪᠥᠷ ᠮᠣᠩᠭᠤᠯ ᠤᠨ ᠠᠷᠠᠳ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠦᠨ ᠲᠠᠷᠬᠠᠭᠠᠪᠠ᠃ ᠨᠡᠶᠢᠳᠡ 12.7 ᠲᠦᠮᠡᠨ ᠦᠰᠦᠭ ᠲᠠᠢ᠃
2021 ᠣᠨ ᠤ 5 ᠰᠠᠷ᠎ᠠ ᠠᠴᠠ ᠨᠠᠰᠢ᠂ ᠲᠥᠪ ᠤᠨ ᠤᠬᠠᠭᠤᠯᠬᠤ ᠬᠡᠯᠲᠡᠰ ᠤᠨ 《︿ᠴᠢᠨᠡᠭᠡᠯᠢᠭ ᠨᠡᠶᠢᠭᠡᠮ ᠢ ᠪᠡᠶᠡᠯᠡᠭᠦᠯᠬᠦ ᠢᠨᠵᠧᠨᠧᠷᠢᠩ﹀ ᠤᠨ ᠣᠷᠣᠨ ᠨᠤᠲᠤᠭ ᠤᠨ ᠴᠤᠪᠤᠷᠠᠯ ᠪᠢᠴᠢᠭ》 ᠵᠣᠷᠢᠭ ᠰᠠᠨᠠᠭ᠎ᠠ ᠪᠠ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ᠠᠵᠢᠯ ᠢ ᠴᠠᠭ ᠬᠤᠭᠤᠴᠠᠭ᠎ᠠ ᠶᠣᠰᠣᠭᠠᠷ ᠴᠢᠨᠠᠷ ᠰᠠᠶᠢᠲᠠᠶ ᠪᠡᠶᠡᠯᠡᠭᠦᠯᠬᠦ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ《ᠴᠢᠨᠡᠭᠡᠯᠢᠭ ᠨᠡᠶᠢᠭᠡᠮ ᠢ ᠪᠡᠶᠡᠯᠡᠭᠦᠯᠬᠦ ᠢᠨᠵᠧᠨᠧᠷᠢᠩ》 ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠵᠤ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶ᠎ᠠ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠩᠰᠠ ᠡᠪᠬᠡᠮᠡᠯ ᠤᠨ ᠲᠣᠪᠴᠢᠶ᠎ᠠ᠂ ᠥᠪᠥᠷ ᠮᠣᠩᠭᠤᠯ ᠤᠨ ᠰᠢᠨᠬᠤᠸᠠ ᠰᠣᠨᠢᠨ ᠤ ᠦᠢᠯᠡᠰ ᠤᠨ ᠲᠥᠪ ᠠᠴᠠ ᠲᠤᠰᠬᠠᠶ ᠮᠡᠷᠭᠡᠵᠢᠯᠲᠡᠨ ᠰᠣᠩᠭᠤᠨ ᠨᠠᠶᠢᠷᠠᠭᠤᠯᠤᠨ ᠪᠢᠴᠢᠬᠦ ᠳᠤᠭᠤᠶᠢᠯᠠᠩ ᠪᠠᠶᠢᠭᠤᠯᠵᠤ᠂ ᠴᠤᠪᠤᠷᠠᠯ ᠪᠢᠴᠢᠭ ᠢ ᠨᠠᠶᠢᠷᠠᠭᠤᠯᠤᠨ ᠪᠢᠴᠢᠬᠦ ᠠᠵᠢᠯ ᠢ ᠲᠤᠰᠬᠠᠶᠢᠯᠠᠨ ᠬᠠᠷᠢᠭᠤᠴᠠᠭᠤᠯᠪᠠ᠃
ᠲᠤᠰ ᠨᠣᠮ ᠳᠤ ᠭᠤᠤᠯᠳᠠᠭᠤ 1979 — 2021 ᠣᠨ ᠤ 6 ᠰᠠᠷ᠎ᠠ ᠪᠣᠯᠲᠠᠯᠠᠬᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠪᠥᠲᠥᠭᠡᠨ ᠪᠠᠶᠢᠭᠤᠯᠤᠯᠲᠠ᠂ ᠨᠡᠶᠢᠭᠡᠮ ᠤᠨ ᠬᠥᠭᠵᠢᠯᠲᠡ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠦᠷᠢᠶ᠎ᠡ ᠵᠢᠴᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠠᠵᠢᠯ ᠤᠨ ᠳᠤᠮᠳᠠ ᠭᠠᠷᠤᠭᠰᠠᠨ ᠴᠢᠬᠤᠯᠠ ᠶᠡᠭᠡ ᠬᠡᠷᠡᠭ ᠶᠠᠪᠤᠳᠠᠯ᠂ ᠭᠠᠷᠭᠠᠭᠰᠠᠨ ᠴᠢᠬᠤᠯᠠ ᠠᠷᠭ᠎ᠠ ᠬᠡᠮᠵᠢᠶ᠎ᠡ᠂ ᠣᠯᠤᠭᠰᠠᠨ ᠴᠢᠬᠤᠯᠠ ᠶᠡᠭᠡ ᠦᠷ᠎ᠡ ᠪᠦᠲᠦᠭᠡᠯ ᠵᠡᠷᠭᠡ ᠶᠢ ᠲᠡᠮᠳᠡᠭᠯᠡᠵᠡᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠲᠤᠬᠠᠶ ᠴᠢᠬᠤᠯᠠ ᠥᠭᠦᠯᠡᠯᠲᠡ ᠵᠢᠴᠢ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠨᠠᠶᠢᠳᠠᠪᠤᠷᠢᠵᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠬᠢᠴᠠ ᠳᠤ ᠬᠤᠷᠠᠯᠳᠤᠭᠤᠯᠤᠭᠰᠠᠨ ᠴᠢᠬᠤᠯᠠ ᠬᠤᠷᠠᠯ᠂ ᠭᠠᠷᠭᠠᠭᠰᠠᠨ ᠴᠢᠬᠤᠯᠠ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠲᠣᠭᠲᠠᠭᠠᠭᠰᠠᠨ ᠴᠢᠬᠤᠯᠠ ᠲᠥᠷᠥ ᠶᠢᠨ ᠪᠣᠳᠣᠯᠭ᠎ᠠ ᠲᠦᠷᠢᠮ ᠲᠣᠭᠲᠠᠭᠠᠯ ᠵᠡᠷᠭᠡ ᠣᠯᠠᠨ ᠲᠠᠯ᠎ᠠ ᠶᠢᠨ ᠠᠭᠤᠯᠭ᠎ᠠ ᠶᠢ ᠭᠤᠤᠯᠳᠠᠯᠭ᠎ᠠ ᠲᠠᠢ ᠲᠡᠮᠳᠡᠭᠯᠡᠵᠠᠢ᠃