ᠵᠤᠬᠢᠶᠠᠭᠴᠢ:
ᠴᠠᠭ:2025-02-14
ᠥᠵᠡᠭᠰᠡᠨ : ℃
ᠢᠷᠡᠯᠲᠡ: ︽ᠹᠧᠩᠵᠧᠨ ᠤ ᠴᠠᠬᠢᠯᠭᠠᠨ ᠤ ᠦᠢᠯᠡᠳᠪᠦᠷᠢ ᠶᠢᠨ ᠣᠶᠢᠯᠠᠯᠭ᠎ᠠ︾
︽ᠹᠧᠩᠵᠧᠨ ᠤ ᠴᠠᠬᠢᠯᠭᠠᠨ ᠤ ᠦᠢᠯᠡᠳᠪᠦᠷᠢ ᠶᠢᠨ ᠣᠶᠢᠯᠠᠯᠭ᠎ᠠ︾
2001 ᠣᠨ ᠤ 2 ᠰᠠᠷ᠎ᠠ ᠳᠤ《ᠹᠧᠩᠵᠧᠨ ᠤ ᠴᠠᠬᠢᠯᠭᠠᠨ ᠤ ᠦᠢᠯᠡᠳᠪᠦᠷᠢ ᠶᠢᠨ ᠣᠶᠢᠯᠠᠯᠭ᠎ᠠ》 ᠶᠢ ᠠᠯᠤᠰ ᠤᠨ ᠪᠠᠷ᠎ᠠ ᠬᠡᠪᠯᠡᠯ ᠤᠨ ᠬᠤᠷᠢᠶ᠎ᠠ ᠠᠴᠠ ᠬᠡᠪᠯᠡᠭᠦᠯᠦᠨ ᠲᠠᠷᠬᠠᠭᠠᠪᠠ᠃ ᠨᠡᠶᠢᠲᠡ 48 ᠲᠦᠮᠡᠨ ᠦᠰᠦᠭ ᠃ ᠡᠷᠬᠢᠯᠡᠨ ᠶᠣᠣ ᠵᠧᠨ ᠱᠧᠩ᠃
《ᠹᠧᠩᠵᠧᠨ ᠤ ᠴᠠᠬᠢᠯᠭᠠᠨ ᠦ ᠦᠢᠯᠡᠳᠪᠦᠷᠢ ᠶᠢᠨ ᠣᠶᠢᠯᠠᠯᠭ᠎ᠠ》ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ ᠢᠶᠠᠷ ᠵᠢᠯᠤᠭᠤᠳᠤᠯᠭ᠎ᠠ ᠪᠣᠯᠭᠠᠵᠤ᠂ ᠬᠤᠪᠢᠰᠤᠩᠭᠤᠢ ᠪᠣᠳᠠᠰᠴᠢ ᠦᠵᠡᠯ ᠪᠠ ᠲᠡᠦᠬᠡ ᠶᠢᠨ ᠪᠣᠳᠠᠰᠴᠢ ᠦᠵᠡᠯ ᠤᠨ ᠦᠵᠡᠯᠲᠡ ᠶᠢ ᠪᠠᠷᠢᠮᠲᠠᠯᠠᠵᠤ᠂ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠪᠠᠷ ᠭᠤᠣᠯ ᠰᠢᠵᠢᠮ ᠪᠣᠯᠭᠠᠵᠤ᠂ ᠹᠧᠩᠵᠧᠨ ᠤ ᠴᠠᠬᠢᠯᠭᠠᠨ ᠤ ᠦᠢᠯᠡᠳᠪᠦᠷᠢ ᠶᠢᠨ 1989 1999 ᠣᠨ ᠪᠣᠯᠲᠠᠯᠠᠬᠢ ᠬᠥᠭᠵᠢᠯᠲᠡ ᠶᠢᠨ ᠲᠡᠦᠬᠡ ᠶᠢ ᠪᠦᠬᠦ ᠲᠠᠯ᠎ᠠ ᠪᠡᠷ᠂ ᠦᠨᠡᠨ ᠪᠣᠳᠠᠲᠠᠢ᠂ ᠪᠤᠰᠤᠳᠴᠢ ᠪᠠᠷ ᠲᠡᠮᠳᠡᠭᠯᠡᠨ ᠲᠣᠭᠠᠴᠢᠵᠠᠢ᠃ ᠣᠶᠢᠯᠠᠯᠭ᠎ᠠ ᠲᠣᠶᠢᠮᠣᠴᠢᠯᠠᠯ᠂ ᠦᠨᠳᠦᠰᠦᠨ ᠪᠦᠲᠦᠭᠡᠨ ᠪᠠᠶᠢᠭᠤᠯᠤᠯᠲᠠ᠂ ᠦᠢᠯᠡᠳᠪᠦᠷᠢᠯᠡᠯ᠂ ᠪᠠᠶᠢᠭᠤᠯᠤᠮᠵᠢ ᠪᠠᠶᠢᠭᠤᠯᠤᠯ᠂ ᠬᠠᠮᠢᠶᠠᠷᠤᠯᠲᠠ᠂ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ᠂ ᠨᠠᠮ ᠣᠯᠠᠨ ᠲᠦᠮᠡᠨ ᠦ ᠠᠵᠢᠯ᠂ ᠠᠮᠢᠳᠤᠷᠠᠯ ᠠᠰᠠᠷᠠᠮᠵᠢ ᠣᠯᠠᠨ ᠲᠥᠷᠥᠯ ᠦᠨ ᠡᠵᠡᠩᠨᠡᠯᠲᠡ᠂ ᠢᠷᠠᠭᠤ ᠬᠥᠮᠦᠰ᠂ ᠬᠡᠷᠡᠭ ᠶᠠᠪᠤᠳᠠᠯ ᠤᠨ ᠲᠡᠮᠳᠡᠭᠯᠡᠯ᠂ ᠳᠠᠭᠠᠯᠳᠤᠭᠤᠯᠤᠯ ᠵᠡᠷᠭᠡ ᠠᠭᠤᠯᠭ᠎ᠠ ᠪᠠᠷ ᠪᠦᠷᠢᠯᠳᠦᠵᠠᠢ᠃