ᠵᠤᠬᠢᠶᠠᠭᠴᠢ:
ᠴᠠᠭ:2025-02-14
ᠥᠵᠡᠭᠰᠡᠨ : ℃
ᠢᠷᠡᠯᠲᠡ: ︽ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠷᠦ᠋ ᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠶᠢᠯᠠᠯᠭ᠎ᠠ︾
︽ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠷᠦ᠋ ᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠶᠢᠯᠠᠯᠭ᠎ᠠ︾
2012 ᠣᠨ ᠤ 5 ᠰᠠᠷ᠎ᠠ ᠳᠤ᠂《ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠷᠦ᠋ ᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠶᠢᠯᠠᠯᠭ᠎ᠠ》 ᠶᠢ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠡᠪᠯᠡᠯ ᠤᠨ ᠬᠤᠷᠢᠶ᠎ᠠ ᠠᠴᠠ ᠬᠡᠪᠯᠡᠭᠦᠯᠦᠨ ᠲᠠᠷᠬᠠᠭᠠᠪᠠ᠃ ᠨᠡᠶᠢᠳᠡ 74.7 ᠲᠦᠮᠡᠨ ᠦᠰᠦᠭ ᠲᠠᠢ᠃ ᠡᠷᠬᠢᠯᠡᠨ ᠯᠦ ᡁᠢ ᠴᠢᠶᠠᠩ ᠃
《ᠬᠥᠬᠡᠬᠣᠲᠠ ᠶᠢᠨ ᠠᠵᠤ ᠠᠬᠤᠶ ᠮᠡᠷᠭᠡᠵᠢᠯ ᠦᠨ ᠨᠡᠭᠡᠭᠡᠯᠲᠡ ᠶᠢᠨ ᠲᠣᠭᠤᠷᠢᠭ ᠤᠨ ᠷᠦ᠋ ᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠣᠷᠢᠭ ᠤᠨ ᠣᠶᠢᠯᠠᠯᠭ᠎ᠠ》ᠮᠠᠷᠺᠰ ᠯᠧᠨᠢᠨ ᠦ ᠦᠵᠡᠯ᠂ ᠮᠠᠤ ᠽᠧ ᠳ᠋ᠦᠩ ᠦᠨ ᠦᠵᠡᠯ ᠰᠠᠨᠠᠭ᠎ᠠ᠂ ᠳ᠋ᠧᠩ ᠫᠢᠩ ᠦᠨ ᠣᠨᠣᠯ ᠪᠣᠯᠤᠨ《ᠭᠤᠷᠪᠠ ᠶᠢ ᠲᠥᠯᠥᠭᠡᠯᠡᠬᠦ》ᠴᠢᠬᠤᠯᠠ ᠦᠵᠡᠯ ᠰᠠᠨᠠᠭ᠎ᠠ ᠪᠠᠷ ᠵᠢᠯᠣᠭᠣᠳᠣᠯᠭ᠎ᠠ ᠪᠣᠯᠭᠠᠨ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠪᠣᠯᠤᠨ ᠦᠨᠡᠨ ᠢ ᠪᠠᠷᠢᠮᠲᠠᠯᠠᠬᠤ ᠦᠵᠡᠯ ᠰᠠᠨᠠᠭᠠᠨ ᠤ ᠱᠤᠭᠤᠮ ᠢ ᠪᠠᠷᠢᠮᠲᠠᠯᠠᠵᠤ᠂ ᠣᠳᠣ ᠦᠢ᠎ᠡ ᠶᠢᠨ ᠰᠢᠨᠵᠢᠯᠡᠬᠦ ᠤᠬᠠᠭᠠᠨ ᠤ ᠣᠨᠣᠯ ᠪᠣᠯᠤᠨ ᠠᠷᠭ᠎ᠠ ᠶᠢ ᠬᠡᠷᠡᠭᠯᠡᠨ᠂ 1992 ᠣᠨ ᠤ 4 ᠰᠠᠷ᠎ᠠ ᠠᠴᠠ 2011 ᠣᠨ ᠤ ᠰᠡᠭᠦᠯᠴᠢ ᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠣᠷᠢᠭ ᠤᠨ ᠬᠥᠭᠵᠢᠯᠲᠡ ᠶᠢᠨ ᠲᠡᠦᠬᠡ ᠪᠣᠯᠤᠨ ᠣᠳᠣᠬᠢ ᠪᠠᠶᠢᠳᠠᠯ ᠢ ᠪᠦᠬᠦ ᠲᠠᠯ᠎ᠠ ᠪᠠᠷ᠂ ᠦᠨᠡᠨ ᠪᠣᠳᠠᠲᠠᠶ᠂ ᠣᠨᠣᠪᠴᠢᠲᠠᠶ ᠲᠡᠮᠳᠡᠭᠯᠡᠨ ᠵᠠᠢ᠃ ᠣᠶᠢᠯᠠᠯᠭ᠎ᠠ ᠶᠡᠷᠦᠩᠬᠡᠶᠢᠯᠡᠭᠰᠡᠨ ᠲᠣᠭᠠᠴᠢᠯᠲᠠ᠂ ᠲᠣᠮᠣ ᠶᠠᠪᠤᠳᠠᠯ ᠤᠨ ᠲᠡᠮᠳᠡᠭᠯᠡᠯ᠂ ᠬᠦᠷᠢᠶᠡᠯᠡᠩ ᠲᠣᠭᠣᠷᠢᠭ ᠤᠨ ᠲᠣᠶᠢᠮᠣ ᠪᠠᠶᠢᠳᠠᠯ᠂ ᠬᠦᠷᠢᠶᠡᠯᠡᠩ ᠲᠣᠭᠣᠷᠢᠭ ᠤᠨ ᠲᠥᠯᠥᠪᠵᠢᠭᠦᠯᠭᠡ᠂ ᠰᠠᠭᠤᠷᠢ ᠪᠡᠯᠡᠳᠬᠡᠮᠵᠢ᠂ ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ᠂ ᠠᠵᠤ ᠦᠢᠯᠡᠰ ᠦᠨ ᠠᠵᠤ ᠠᠬᠤᠶ᠂ ᠶᠡᠷᠦᠩᠬᠡᠶ ᠬᠡᠯᠲᠡᠰ ᠦᠨ ᠰᠠᠭᠤᠷᠢᠨ ᠭᠠᠵᠠᠷ᠂ ᠭᠣᠤᠯᠳᠠᠯᠭ᠎ᠠ ᠲᠠᠶ ᠠᠵᠤ ᠠᠬᠤᠶᠢᠯᠠᠯ᠂ ᠨᠡᠶᠢᠭᠡᠮ ᠦᠨ ᠦᠢᠯᠡᠰ᠂ ᠬᠠᠮᠢᠶᠠᠷᠤᠯᠲᠠ ᠶᠢᠨ ᠪᠠᠶᠢᠭᠤᠯᠤᠮᠵᠢ᠂ ᠨᠠᠮ ᠤᠨ ᠪᠠᠶᠢᠭᠤᠯᠤᠯᠲᠠ᠂ ᠳᠠᠭᠠᠯᠳᠤᠭᠤᠯᠤᠯ ᠵᠡᠷᠭᠡ ᠠᠭᠤᠯᠭ᠎ᠠ ᠪᠠᠷ ᠵᠠᠢ᠃