ᠵᠤᠬᠢᠶᠠᠭᠴᠢ:
ᠴᠠᠭ:2025-03-14
ᠥᠵᠡᠭᠰᠡᠨ : ℃
ᠢᠷᠡᠯᠲᠡ: ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠶᠠᠪᠤᠳᠠᠯ ᠤᠨ ︵2017 ︱2019︶
ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠶᠠᠪᠤᠳᠠᠯ ᠤᠨ ︵2017 ︱2019︶
《ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠶᠠᠪᠤᠳᠠᠯ ᠤᠨ ︵2017 ︱2019︶》︵ᠳᠣᠷᠣᠭᠰᠢ 《 ᠶᠠᠪᠤᠳᠠᠯ ᠤᠨ 》 ᠭᠡᠵᠦ ᠲᠣᠪᠴᠢᠯᠠᠨ᠎ᠠ︶ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠡᠴᠡ ᠵᠤᠬᠢᠶᠠᠨ ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠤᠷᠤᠨ ᠨᠤᠲᠤᠭ ᠤᠨ ᠤᠢᠯᠠᠯᠭ᠎ᠠ ᠵᠢᠨ ᠠᠯᠪᠠᠨ ᠭᠡᠷ ᠡᠴᠡ ᠳᠠᠭᠠᠭᠠᠨ ᠨᠠᠢᠷᠠᠭᠤᠯᠵᠦ᠂ 2017 ᠤᠨ ᠤ 1 ᠳᠦᠭᠡᠷ ᠰᠠᠷ᠎ᠠ ᠵᠢᠨ 1 ᠤ ᠡᠳᠦᠷ ᠡᠴᠡ 2019 ᠤᠨ ᠤ 12 ᠳᠤᠭᠠᠷ ᠰᠠᠷ᠎ᠠ ᠵᠢᠨ 31 ᠤ ᠡᠳᠦᠷ ᠪᠤᠯᠳᠠᠯᠠᠬᠢ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠤᠨ ᠬᠦᠭᠵᠢᠯᠲᠡ ᠵᠢᠨ ᠤᠯᠤᠭᠰᠠᠨ ᠠᠮᠵᠢᠯᠲᠠ ᠪᠦᠲᠦᠮᠵᠢ᠂ ᠬᠤᠷᠠᠮᠳᠤᠭᠤᠯᠤᠭᠰᠠᠨ ᠲᠤᠷᠰᠢᠯᠭ᠎ᠠ᠂ ᠪᠦᠷᠢᠯᠳᠦᠬᠦᠯᠦᠭᠰᠡᠨ ᠵᠠᠷᠴᠢᠮ ᠢ ᠪᠦᠬᠦ ᠲᠠᠯ᠎ᠠ ᠪᠡᠷ ᠨᠠᠷᠢᠨ ᠲᠤᠳᠤᠷᠠᠬᠠᠢ ᠲᠡᠮᠳᠡᠭᠯᠡᠭᠰᠡᠨ ᠪᠠᠢᠨ᠎ᠠ᠃ ᠨᠡᠢᠲᠡ 77.2 ᠲᠦᠮᠡᠨ ᠦᠰᠦᠭ ᠲᠠᠢ᠃
《 ᠶᠠᠪᠤᠳᠠᠯ ᠤᠨ 》 ᠨᠢ ᠵᠠᠰᠠᠭ ᠤᠨ ᠤᠷᠳᠤᠨ ᠤ ᠠᠵᠢᠯ ᠤᠨ ᠬᠠᠷᠠᠭᠠᠰᠤ ᠡᠴᠡ᠂ ᠭᠤᠷᠪᠠᠨ ᠵᠢᠯ ᠤᠨ ᠲᠤᠷᠰᠢᠬᠢ ᠦᠪᠡᠷᠲᠡᠭᠡᠨ ᠵᠠᠰᠠᠬᠤ ᠤᠷᠤᠨ ᠤ ᠬᠦᠭᠵᠢᠯᠲᠡ ᠬᠤᠪᠢᠷᠠᠯᠲᠠ ᠵᠢ ᠲᠠᠬᠢᠨ ᠬᠠᠷᠠᠭᠤᠯᠵᠤ᠂ 3 ᠵᠢᠯ ᠤᠨ ᠲᠤᠷᠰᠢᠬᠢ ᠦᠪᠡᠷᠲᠡᠭᠡᠨ ᠵᠠᠰᠠᠬᠤ ᠤᠷᠤᠨ ᠤ ᠲᠣᠮᠣ ᠬᠡᠷᠡᠭ ᠶᠠᠪᠤᠳᠠᠯ ᠢ ᠪᠦᠬᠦ ᠲᠠᠯ᠎ᠠ ᠪᠡᠷ ᠲᠡᠮᠳᠡᠭᠯᠡᠭᠰᠡᠨ ᠃ 2017 ᠤᠨ ᠳᠤ᠂ ᠶᠡᠷᠦᠩᠬᠡᠢ ᠱᠦᠵᠢ ᠰᠢ ᠵᠢᠨ ᠫᠢᠩ ᠰᠦᠨᠢᠳ ᠪᠠᠷᠠᠭᠤᠨ ᠬᠤᠰᠢᠭᠤᠨ ᠤ ᠤᠯᠠᠭᠠᠨᠮᠦ᠋ᠴᠢᠷ ᠲᠤ ᠬᠠᠷᠢᠭᠤ ᠵᠠᠬᠢᠳᠠᠯ ᠢᠯᠡᠭᠡᠭᠰᠡᠨ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ 70 ᠵᠢᠯ ᠤᠨ ᠤᠢ ᠵᠢ ᠪᠡᠯᠭᠡᠯᠡᠭᠰᠡᠨ᠂ ᠭᠠᠳᠠᠭᠠᠲᠤ ᠶᠠᠪᠤᠳᠠᠯ ᠤᠨ ᠶᠠᠮᠤᠨ ᠦᠪᠦᠷ ᠮᠤᠩᠭᠤᠯ ᠢ ᠲᠡᠯᠡᠬᠡᠢ ᠳ᠋ᠡᠬᠢᠨ ᠳᠤ ᠲᠠᠨᠢᠯᠴᠠᠭᠤᠯᠬᠤ ᠠᠵᠢᠯᠯᠠᠭ᠎ᠠ ᠥᠷᠨᠢᠬᠦᠯᠦᠭᠰᠡᠨ; 2018 ᠤᠨ ᠳᠤ᠂ ᠶᠡᠷᠦᠩᠬᠡᠢ ᠱᠦᠵᠢ ᠰᠢ ᠵᠢᠨ ᠫᠢᠩ ᠦᠪᠦᠷ ᠮᠤᠩᠭᠤᠯ ᠳᠤ ᠪᠥᠷᠢᠨ ᠪᠢᠯᠸᠲ ᠵᠢᠡᠷ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠦᠭᠡᠯᠡᠭᠴᠢ ᠪᠠᠷ ᠰᠤᠩᠭᠤᠭᠳᠠᠭᠰᠠᠨ᠂ ᠦᠪᠦᠷ ᠮᠤᠩᠭᠤᠯ ᠠᠷᠪᠠᠨ ᠭᠤᠷᠪᠠᠳᠤᠭᠠᠷ ᠬᠤᠭᠤᠴᠠᠭᠠᠨ ᠤ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢ ᠰᠤᠩᠭᠤᠭᠰᠠᠨ᠂ ᠪᠦᠬᠦ ᠤᠷᠤᠨ ᠤ ᠠᠩᠬᠠᠳᠠᠭᠴᠢ ᠤᠯᠤᠰ ᠤᠨ ᠲᠥᠯᠦᠪᠵᠢᠬᠦᠯᠦᠭᠰᠡᠨ 《ᠨᠢ᠋ᠮᠠᠨ ᠬᠦᠨᠳᠡᠯᠡᠨ ᠨᠢ᠋ᠮᠠᠨ ᠭᠤᠯᠲᠤ》 ᠲᠡᠭᠡᠳᠦ ᠬᠤᠷᠲᠤ ᠶᠢᠨ ᠲᠡᠮᠦᠷ ᠵᠠᠮ ᠤᠨ ᠲᠤᠤᠷ ᠲᠤ ᠤᠷᠤᠭᠤᠯᠤᠭᠰᠠᠨ ᠲᠡᠭᠡᠳᠦ ᠬᠤᠷᠲᠤ ᠶᠢᠨ ᠲᠡᠮᠦᠷ ᠵᠠᠮ ︱ ᠰᠢᠨ᠎ᠡ ᠳᠡᠭᠡᠳᠦ ᠬᠤᠷᠳᠤ ᠶᠢᠨ ᠲᠡᠮᠦᠷ ᠵᠠᠮ ᠲᠡᠷᠭᠡ ᠨᠡᠪᠲᠡᠷᠡᠭᠰᠡᠨ᠃ 2019 ᠤᠨ ᠳᠤ᠂ ᠰᠢ ᠵᠢᠨ ᠫᠢᠩ ᠶᠡᠷᠦᠩᠬᠡᠢ ᠱᠦᠵᠢ ᠦᠪᠦᠷ ᠮᠤᠩᠭᠤᠯ ᠳᠦ ᠰᠢᠨᠵᠢᠯᠡᠨ ᠪᠠᠢᠴᠠᠭᠠᠭᠰᠠᠨ᠂ ᠦᠪᠦᠷ ᠮᠤᠩᠭᠤᠯ ᠤᠨ ᠡᠯ᠎ᠡ ᠦᠨᠳᠦᠰᠦᠳᠡᠨ ᠤ ᠠᠷᠠᠳ ᠲᠦᠮᠡᠨ ᠰᠡᠳᠬᠢᠯ ᠨᠢᠭᠡᠲᠡᠢ ᠪᠡᠷ ᠪᠦᠭᠦᠳᠡ ᠨᠠᠢᠷᠠᠮᠳᠠᠬᠤ ᠳᠤᠮᠳᠠᠲᠤ ᠠᠷᠠᠳ ᠤᠯᠤᠰ ᠪᠠᠢᠭᠤᠯᠤᠭᠳᠠᠭᠰᠠᠨ 70 ᠵᠢᠯ ᠤᠨ ᠤᠢ ᠢ ᠪᠠᠶᠠᠷᠯᠠᠨ ᠪᠡᠯᠭᠡᠯᠡᠭᠰᠡᠨ᠂ ᠦᠪᠦᠷ ᠮᠤᠩᠭᠤᠯ ᠤᠨ ᠭᠤᠷᠪᠠᠨ ᠶᠡᠬᠡ ᠪᠤᠭᠤᠮᠲᠠ ᠰᠢᠪᠳᠤᠯᠠᠬᠤ ᠲᠠᠢᠯᠠᠯᠳᠤᠭᠠᠨ ᠱᠠᠲᠤ ᠦᠶ᠎ᠡ ᠶᠢᠨ ᠴᠢᠨᠠᠷᠲᠠᠢ ᠴᠢᠬᠤᠯᠠ ᠠᠮᠵᠢᠯᠲᠠ ᠤᠯᠤᠭᠰᠠᠨ ᠵᠡᠷᠭᠡ᠃ ᠡᠭᠦᠨ ᠳᠤ᠂ ᠶᠡᠷᠦᠩᠬᠡᠢ ᠱᠦᠵᠢ ᠰᠢ ᠵᠢᠨ ᠫᠢᠩ ᠪᠤᠯᠤᠨ ᠨᠠᠮ ᠤᠨ ᠲᠥᠪ ᠬᠤᠷᠢᠶ᠎ᠠ ᠡᠴᠡ ᠦᠪᠦᠷ ᠮᠤᠩᠭᠤᠯ ᠳᠤ ᠲᠠᠯᠪᠢᠵᠤ ᠪᠠᠢᠭ᠎ᠠ ᠲᠤᠲᠤᠨᠤ ᠬᠠᠯᠠᠮᠵᠢᠯᠠᠯ ᠪᠠ ᠬᠦᠰᠡᠯ ᠱᠠᠭᠠᠷᠳᠠᠯᠭ᠎ᠠ ᠠᠭᠤᠯᠤᠭᠳᠠᠵᠤ ᠪᠦᠭᠡᠳ ᠪᠠᠰᠠ ᠪᠦᠬᠦ ᠤᠷᠤᠨ ᠤ ᠦᠨᠳᠦᠰᠦᠳᠡᠨ ᠨᠤᠭᠦᠳ ᠤᠨ ᠠᠷᠠᠳ ᠲᠦᠮᠡᠨ ᠤ ᠰᠠᠬᠢᠨ ᠪᠠᠷᠠᠯᠠᠵᠤ᠂ ᠬᠠᠷᠢᠯᠴᠨᠨ ᠬᠠᠪᠰᠤᠷᠤᠯᠴᠠᠭᠰᠠᠨ᠂ ᠪᠦᠯᠬᠦᠮᠳᠡᠨ ᠲᠡᠮᠡᠴᠡᠭᠰᠡᠨ᠂ ᠦᠵᠡᠰᠬᠦᠯᠡᠩᠲᠦ ᠦᠪᠦᠷ ᠮᠤᠩᠭᠤᠯ ᠵᠢᠡᠨ ᠪᠦᠲᠦᠭᠡᠨ ᠂ ᠠᠭᠤᠤ ᠶᠡᠬᠡ ᠲᠤᠮᠲᠠᠲᠤ ᠵᠢᠨ ᠵᠡᠭᠦᠳᠦ ᠪᠡᠨ ᠬᠠᠮᠲᠤ ᠪᠡᠷ ᠲᠡᠷᠭᠡᠯᠰᠢᠬᠦᠯᠦᠭᠰᠡᠨ ᠠᠮᠢᠳᠤᠯᠢᠭ ᠦᠢᠯᠡᠳᠦᠯᠭᠡ ᠪᠠ ᠯᠠᠪᠳᠠᠭᠤᠨ ᠪᠠᠲᠤᠲᠠᠢ ᠦᠷ᠎ᠡ ᠪᠦᠲᠦᠮᠵᠢ ᠵᠢ ᠬᠦᠢᠴᠡᠳ ᠲᠡᠮᠳᠡᠭᠯᠡᠭᠰᠡᠨ ᠃《 ᠶᠠᠪᠤᠳᠠᠯ ᠤᠨ 》 ᠨᠢ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠰᠢᠰᠲ᠋ᠸᠮ ᠤᠨ ᠠᠵᠢᠯ ᠢᠶᠡᠨ ᠡᠮᠬᠢᠯᠡᠬᠦ ᠂ ᠵᠠᠰᠠᠭ ᠤᠨ ᠶᠠᠪᠤᠳᠠᠯ ᠢ ᠢᠯᠡ ᠪᠤᠯᠭᠠᠬᠤ ᠵᠢ ᠪᠦᠬᠦ ᠲᠠᠯ᠎ᠠ ᠪᠡᠷ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠤᠯᠬᠤ ᠪᠡᠷ ᠪᠠᠷᠠᠬᠤ ᠦᠭᠡᠢ᠂ ᠨᠡᠩ ᠴᠤ ᠤᠨ ᠬᠢᠨ ᠦ ᠠᠩᠬᠠᠷᠤᠯ ᠲᠠᠯᠪᠢᠵᠤ ᠪᠠᠶᠢᠭ᠎ᠠ ᠶᠠᠪᠤᠳᠠᠯ ᠳᠤ ᠰᠠᠨᠠᠭᠠᠴᠢᠯᠠᠭ᠎ᠠ ᠡᠴᠡ ᠪᠡᠨ ᠬᠠᠷᠢᠭᠤᠯᠲᠠ ᠥᠭᠴᠦ᠂ ᠤᠷᠤᠨ ᠨᠤᠲᠤᠭ ᠤᠨ ᠲᠡᠦᠬᠡ ᠵᠢ ᠲᠡᠮᠳᠡᠭᠯᠡᠬᠦ᠂ ᠵᠠᠰᠠᠭ ᠲᠤ ᠲᠤᠰᠠᠯᠠᠬᠤ᠂ ᠰᠣᠶᠣᠨ ᠭᠡᠭᠡᠷᠡᠭᠦᠯᠬᠦ ᠤᠨ ᠴᠢᠳᠠᠮᠵᠢ ᠵᠢ ᠪᠠᠳᠠᠷᠠᠭᠤᠯᠬᠤ ᠪᠦᠲᠦᠮᠵᠢᠲᠡᠢ ᠠᠷᠭ᠎ᠠ ᠵᠠᠮ ᠪᠤᠯᠤᠨ᠎ᠠ᠃
《 ᠶᠠᠪᠤᠳᠠᠯ ᠤᠨ 》 ᠢ ᠡᠾᠸ ᠪᠢᠶᠤᠤ᠂ ᠪᠢᠩ ᠱᠤᠸᠠᠩ᠂ ᠸᠸᠢ ᠬᠤᠩ᠂ ᠯᠢ ᠬᠠᠨ ᠫᠸᠩ ᠨᠠᠷ ᠨᠠᠢᠷᠠᠭᠤᠯᠵᠠᠢ᠃