ᠵᠤᠬᠢᠶᠠᠭᠴᠢ:
ᠴᠠᠭ:2025-06-06
ᠥᠵᠡᠭᠰᠡᠨ : ℃
ᠢᠷᠡᠯᠲᠡ:
︽ᠳᠤᠮᠳᠠᠳᠤ ᠤᠯᠤᠰ ᠤᠨ ᠤᠯᠤᠰ ᠤᠨ ᠪᠠᠶᠢᠳᠠᠯ ᠤᠨ ᠤᠩᠰᠢᠬᠤ ᠪᠢᠴᠢᠭ︵2025 ᠣᠨ ᠤ ᠬᠡᠪᠯᠡᠯ︶︾ ᠢ ᠲᠠᠷᠬᠠᠭᠠᠪᠠ
ᠤᠳᠤ ᠦᠶ᠎ᠡ ᠶᠢᠨ ᠳᠤᠮᠳᠠᠳᠤ ᠤᠯᠤᠰ ᠤᠨ ᠨᠡᠶᠢᠭᠡᠮ ᠦᠨ ᠡᠳᠦᠷ ᠡᠴᠡ ᠡᠳᠦᠷ ᠬᠤᠪᠢᠷᠠᠵᠤ ᠪᠠᠶᠢᠭ᠎ᠠ ᠬᠥᠭᠵᠢᠯᠲᠡ ᠬᠤᠪᠢᠷᠠᠯᠲᠠ ᠶᠢ ᠦᠨᠡᠨ ᠪᠣᠳᠠᠲᠠᠢ᠂ ᠪᠦᠬᠦ ᠲᠠᠯ᠎ᠠ ᠪᠠᠷ᠂ ᠴᠠᠭ ᠲᠤᠬᠠᠢ ᠳᠤᠨᠢ ᠲᠤᠰᠬᠠᠭᠰᠠᠨ ᠲᠦᠭᠡᠮᠡᠯᠵᠢᠭᠦᠯᠬᠦ ᠪᠢᠴᠢᠭ《ᠳᠤᠮᠳᠠᠳᠤ ᠤᠯᠤᠰ ᠤᠨ ᠤᠯᠤᠰ ᠤᠨ ᠪᠠᠶᠢᠳᠠᠯ ᠤᠨ ᠤᠩᠰᠢᠬᠤ ᠪᠢᠴᠢᠭ︵2025 ᠣᠨ ᠤ ᠬᠡᠪᠯᠡᠯ︶》 ᠢ ᠳᠦ ᠬᠡᠪᠯᠡᠯ ᠦᠨ ᠬᠣᠷᠢᠢ᠎ᠠ ᠠᠴᠠ ᠬᠡᠪᠯᠡᠭᠦᠯᠵᠦ᠂ ᠪᠦᠬᠦ ᠤᠯᠤᠰ ᠲᠤ ᠲᠠᠷᠬᠠᠭᠠᠪᠠ᠃
ᠲᠤᠰ ᠨᠣᠮ ᠢ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠨ ᠤ ᠬᠣᠷᠢᠢ᠎ᠠ ᠠᠴᠠ ᠨᠠᠶᠢᠷᠠᠭᠤᠯᠪᠠ᠂ ᠨᠡᠢᠳᠡ ᠲᠠᠢ᠄ ᠨᠢᠭᠡᠳᠦᠭᠡᠷ ᠨᠢ ᠬᠣᠷᠢᠶᠠᠨ ᠤ ᠰᠤᠷᠪᠤᠯᠵᠢᠯᠠᠭᠴᠢ ᠶᠢᠨ ᠰᠡᠭᠦᠳᠡᠷᠯᠡᠭᠰᠡᠨ ᠭᠣᠶᠢᠳᠠ ᠰᠠᠶᠢᠬᠠᠨ ᠰᠣᠨᠢᠨ ᠮᠡᠳᠡᠭᠡᠨ ᠦ ᠭᠡᠷᠡᠯ ᠵᠢᠷᠤᠭ ᠂ ᠵᠢᠷᠤᠭ ᠦᠰᠦᠭ ᠬᠣᠣᠰᠯᠠᠭᠤᠯᠤᠨ᠂ 2024 ᠣᠨ ᠤ ᠳᠤᠮᠳᠠᠳᠤ ᠤᠯᠤᠰ ᠤᠨ ᠲᠣᠶᠢᠮᠣ ᠪᠠᠶᠢᠳᠠᠯ ᠢ ᠰᠢᠭᠤᠳ ᠲᠤᠰᠬᠠᠵᠠᠢ︔ ᠬᠣᠶᠠᠳᠤᠭᠠᠷ ᠨᠢ ᠤᠯᠤᠰ ᠤᠨ ᠲᠣᠶᠢᠮᠣ ᠪᠠᠶᠢᠳᠠᠯ ᠲᠦᠷᠦ ᠶᠢᠨ ᠶᠠᠪᠤᠳᠠᠯ ᠤᠨ ᠬᠣᠷᠢᠶᠠᠨ ᠤ ᠰᠣᠨᠢᠨ ᠮᠡᠳᠡᠭᠡᠨ ᠦ ᠠᠯᠪᠠᠨ ᠭᠡᠷ ᠦᠨ ᠨᠡᠶᠢᠲᠡᠯᠡᠭᠰᠡᠨ ᠴᠠᠭᠠᠨ ᠭᠠᠳᠠᠷᠳᠤ ᠪᠢᠴᠢᠭ᠂ ᠤᠯᠤᠰ ᠤᠨ ᠲᠣᠭ᠎ᠠ ᠪᠦᠷᠢᠳᠬᠡᠯ ᠦᠨ ᠲᠣᠪᠴᠢᠶᠠᠨ ᠤ ᠨᠡᠶᠢᠲᠡᠯᠡᠭᠰᠡᠨ ᠲᠣᠭ᠎ᠠ ᠪᠦᠷᠢᠳᠬᠡᠯ ᠦᠨ ᠠᠯᠪᠠᠨ ᠮᠡᠳᠡᠭᠡ᠂《ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠨ ᠤ 》 ᠬᠣᠯᠪᠣᠭᠳᠠᠯ ᠪᠦᠬᠦᠢ ᠠᠭᠤᠯᠭ᠎ᠠ ᠠᠴᠠ ᠭᠤᠷᠪᠠᠳᠤᠭᠠᠷ ᠨᠢ ᠤᠯᠤᠰ ᠤᠨ ᠪᠠᠶᠢᠳᠠᠯ ᠤᠨ ᠣᠨᠴᠠ ᠂ 2024 ᠣᠨ ᠤ ᠳᠤᠮᠳᠠᠳᠤ ᠤᠯᠤᠰ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠣᠯᠤᠭᠰᠠᠨ ᠠᠮᠵᠢᠯᠲᠠ ᠪᠦᠲᠦᠮᠵᠢ ᠶᠢ ︔ ᠳᠥᠷᠪᠡᠳᠦᠭᠡᠷ ᠨᠢ ᠤᠯᠤᠰ ᠤᠨ ᠪᠠᠶᠢᠳᠠᠯ ᠤᠨ ᠲᠤᠰᠬᠠᠶ ᠰᠡᠳᠦᠪ ᠂ ᠨᠠᠮ ᠤᠨ ᠬᠣᠷᠢᠳᠤᠭᠠᠷ ᠬᠤᠭᠤᠴᠠᠭᠠᠨ ᠤ ᠲᠥᠪ ᠬᠣᠷᠢᠶᠠᠨ ᠤ ᠭᠤᠷᠪᠠᠳᠤᠭᠠᠷ ᠪᠥᠬᠥᠳᠡ ᠬᠤᠷᠠᠯ ᠤᠨ ᠴᠢᠬᠤᠯᠠ ᠵᠣᠷᠢᠭ ᠰᠠᠨᠠᠭ᠎ᠠ ᠶᠢ ᠭᠦᠨᠵᠡᠭᠡᠶ ᠲᠠᠶᠢᠯᠪᠤᠷᠢᠯᠠᠵᠤ᠂ ᠣᠣᠮᠧᠨ ᠪᠤᠴᠠᠵᠤ ᠢᠷᠡᠭᠰᠡᠨ 25 ᠵᠢᠯ ᠦᠨ ᠤᠢ ᠶᠢᠨ ᠨᠡᠶᠢᠭᠡᠮ ᠦᠨ ᠬᠤᠪᠢᠷᠠᠯᠲᠠ ᠶᠢ ᠡᠷᠭᠢᠴᠡᠭᠦᠯᠦᠨ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠦᠨ ᠤᠢ ᠶᠢᠨ ᠴᠢᠬᠤᠯᠠ ᠶᠡᠬᠡ ᠠᠮᠵᠢᠯᠲᠠ ᠪᠦᠲᠦᠮᠵᠢ ᠳᠦ ᠠᠩᠬᠠᠷᠤᠯ ᠢᠶᠠᠨ ᠲᠥᠪᠯᠡᠷᠡᠭᠦᠯᠵᠦ᠂ ᠳᠤᠮᠳᠠᠳᠤ ᠤᠯᠤᠰ ᠤᠨ ᠬᠥᠮᠦᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠦᠢᠯᠡᠰ ᠦᠨ ᠬᠥᠭᠵᠢᠯᠲᠡ ᠶᠢᠨ ᠠᠬᠢᠴᠠ ᠶᠢ ᠠᠩᠬᠠᠷᠪᠠ︔ ᠲᠠᠪᠤᠳᠤᠭᠠᠷ ᠨᠢ ᠤᠯᠤᠰ ᠤᠨ ᠪᠠᠶᠢᠳᠠᠯ ᠂ ᠴᠠᠭ ᠤᠨ ᠪᠠᠶᠢᠳᠠᠯ ᠤᠨ ᠢ ᠮᠥᠷᠳᠡᠨ ᠳᠠᠭᠠᠵᠤ᠂ ᠴᠠᠭ ᠤᠨ ᠪᠠᠶᠢᠳᠠᠯ ᠤᠯᠤᠰ ᠲᠥᠷᠥ᠂ ᠠᠵᠤ ᠠᠬᠤᠶ᠂ ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ᠂ ᠠᠷᠠᠳ ᠤᠨ ᠠᠮᠢᠳᠤᠷᠠᠯ ᠵᠡᠷᠭᠡ ᠲᠠᠯ᠎ᠠ ᠠᠴᠠ ᠳᠤᠮᠳᠠᠳᠤ ᠤᠯᠤᠰ ᠤᠨ ᠥᠪᠡᠷᠮᠢᠴᠡ ᠥᠭᠦᠯᠡᠵᠦ᠂ ᠠᠭᠤᠯᠭ᠎ᠠ ᠪᠠᠷ ᠪᠠᠶᠠᠯᠢᠭ᠂ ᠪᠠᠶᠢᠳᠠᠭ︔ ᠵᠢᠷᠭᠤᠳᠤᠭᠠᠷ ᠨᠢ ᠣᠨ ᠤ ᠶᠠᠪᠤᠳᠠᠯ 2024 ᠣᠨ ᠤ ᠳᠤᠮᠳᠠᠳᠤ ᠤᠯᠤᠰ ᠤᠨ ᠨᠡᠶᠢᠭᠡᠮ ᠦᠨ ᠠᠰᠠᠭᠤᠳᠠᠯ ᠢ ᠪᠦᠬᠦ ᠲᠠᠯ᠎ᠠ ᠪᠠᠷ ᠪᠦᠷᠢᠳᠬᠡᠪᠡ ᠃
《ᠳᠤᠮᠳᠠᠳᠤ ᠤᠯᠤᠰ ᠤᠨ ᠤᠯᠤᠰ ᠤᠨ ᠪᠠᠶᠢᠳᠠᠯ ᠤᠨ ᠤᠩᠰᠢᠬᠤ ᠪᠢᠴᠢᠭ》 ᠢ 2008 ᠣᠨ ᠳᠤ ᠬᠡᠪᠯᠡᠭᠦᠯᠦᠭᠰᠡᠨ ᠡᠴᠡ ᠨᠠᠰᠢ᠂ ᠵᠢᠯ ᠪᠦᠷᠢ ᠨᠢᠭᠡ ᠳᠡᠪᠲᠡᠷ ᠬᠡᠪᠯᠡᠵᠦ᠂ 17 ᠵᠢᠯ ᠳᠠᠷᠠᠭᠠᠯᠠᠨ ᠃