ᠵᠤᠬᠢᠶᠠᠭᠴᠢ: 
							ᠴᠠᠭ:2021-09-16
							ᠥᠵᠡᠭᠰᠡᠨ :  ℃
                                                        ᠢᠷᠡᠯᠲᠡ:        
						
						
							ᠤᠯᠤᠰ ᠤᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠠᠩᠬᠠᠳᠤᠭᠠᠷ ᠬᠤᠷᠠᠯ   ᠮᠠᠤ ᠽᠸ ᠳ᠋ᠦᠩ ᠦᠭᠡ ᠬᠡᠯᠡᠪᠡ						
						
						1954 ᠣᠨ ᠤ 9  ᠰᠠᠷᠠ ᠶᠢᠨ 15  ᠤ ᠡᠳᠦᠷ ᠂ ᠠᠩᠬᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠠᠩᠬᠠᠳᠤᠭᠠᠷ ᠬᠤᠷᠠᠯ ᠪᠡᠭᠡᠵᠢᠩ ᠳᠦ ᠬᠤᠷᠠᠯᠳᠤᠪᠠ᠃ ᠮᠠᠤ ᠽᠸ ᠳ᠋ᠦᠩ ᠬᠤᠷᠠᠯ ᠡᠬᠢᠯᠡᠬᠦ ᠦᠭᠡ ᠳᠡᠭᠡᠨ ᠄ 《 ᠮᠠᠨ ᠤ ᠶᠡᠷᠦᠩᠬᠡᠶ ᠡᠭᠦᠷᠭᠡ ᠪᠣᠯ ᠪᠦᠬᠦ ᠤᠯᠤᠰ ᠤᠨ ᠠᠷᠠᠳ ᠲᠦᠮᠡᠨ ᠲᠡᠶ ᠪᠦᠯᠬᠦᠮᠳᠡᠵᠦ ᠂ ᠠᠯᠢᠪᠠ ᠳᠡᠯᠡᠬᠡᠶ ᠶᠢᠨ ᠨᠠᠶᠢᠵᠠ ᠨᠠᠷ ᠤᠨ ᠳᠡᠮᠵᠢᠯᠭᠡ ᠶᠢ ᠣᠯᠵᠤ ᠂ ᠠᠭᠤᠤ ᠶᠡᠬᠡ ᠨᠡᠶᠢᠭᠡᠮ ᠵᠢᠷᠤᠮᠲᠤ ᠤᠯᠤᠰ ᠢ ᠪᠦᠳᠦᠭᠡᠨ ᠪᠠᠶᠢᠭᠤᠯᠬᠤ ᠶᠢᠨ ᠲᠥᠯᠥᠭᠡ ᠲᠡᠮᠡᠴᠡᠵᠦ ᠂ ᠳᠡᠯᠡᠬᠡᠶ ᠶᠢᠨ ᠡᠩᠬᠡ ᠲᠠᠶᠢᠪᠤᠩ ᠢ ᠬᠠᠮᠠᠭᠠᠯᠠᠬᠤ ᠪᠠ ᠬᠥᠮᠦᠨ ᠲᠥᠷᠥᠯᠬᠢᠲᠡᠨ ᠦ ᠲᠠᠪᠰᠢᠯᠳᠠ ᠶᠢᠨ ᠦᠢᠯᠡᠰ ᠢ ᠬᠥᠭᠵᠢᠭᠦᠯᠬᠦ ᠶᠢᠨ ᠲᠥᠯᠥᠭᠡ ᠲᠡᠮᠡᠴᠡᠬᠦ ᠶᠠᠪᠤᠳᠠᠯ ᠪᠣᠯᠤᠨᠠ 》᠃ ᠯᠢᠦ ᠱᠤᠤ ᠴᠢ 《 ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠶᠢᠨ ᠲᠥᠰᠦᠯ ᠦᠨ ᠲᠤᠬᠠᠶ ᠢᠯᠡᠳᠬᠡᠯ 》 ᠬᠢᠪᠡ᠃ ᠵᠧᠦ   ᠯᠠᠶ 《 ᠵᠠᠰᠠᠭ ᠤᠨ ᠣᠷᠳᠣᠨ ᠤ ᠠᠵᠢᠯ ᠤᠨ ᠢᠯᠡᠳᠬᠡᠯ 》 ᠬᠢᠪᠡ᠃ ᠶᠡᠬᠡ ᠬᠤᠷᠠᠯ ᠠᠴᠠ 《 ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ 》  ᠶᠢ ᠪᠠᠲᠤᠯᠠᠪᠠ   ᠮᠠᠤ ᠽᠸ ᠳ᠋ᠦᠩ ᠢ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠂ ᠵᠦ ᠳ᠋ᠸ ᠵᠢ ᠳᠡᠳ᠋ ᠲᠡᠷᠢᠭᠦᠯᠡᠭᠴᠢ ᠂ ᠯᠢᠦ ᠱᠤᠤ ᠴᠢ ᠶᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠣᠷᠢᠶᠠᠨ ᠤ ᠬᠤᠷᠢᠶᠠᠨ ᠳᠠᠷᠤᠭᠠ  ᠂ ᠰᠦᠩ ᠴᠢᠩ ᠯᠢᠩ ᠵᠡᠷᠭᠡ 13 ᠬᠥᠮᠦᠨ ᠢ ᠳᠡᠳ᠋ ᠬᠤᠷᠢᠶᠠᠨ ᠳᠠᠷᠤᠭᠠ ᠂ ᠳ᠋ᠦᠩ ᠪᠢ ᠡᠦ ᠶᠢ ᠠᠷᠠᠳ ᠤᠨ ᠳᠡᠭᠡᠳᠦ ᠰᠢᠭᠦᠬᠦ ᠬᠣᠷᠢᠶᠠᠨ ᠤ ᠳᠠᠷᠤᠭᠠ ᠂ ᠵᠠᠩ ᠳ᠋ᠢᠩ ᠴᠧᠩ ᠢ ᠠᠷᠠᠳ ᠤᠨ ᠳᠡᠭᠡᠳᠦ ᠪᠠᠶᠢᠴᠠᠭᠠᠬᠤ ᠬᠣᠷᠢᠶᠠᠨ ᠤ ᠪᠠᠶᠢᠴᠠᠭᠠᠬᠤ ᠳᠠᠷᠤᠭᠠ ᠪᠠᠷ ᠰᠣᠩᠭᠣᠵᠤ ᠂ ᠵᠧᠦ  ᠯᠠᠶ ᠶᠢ ᠲᠦᠷᠦ ᠶᠢᠨ ᠶᠠᠪᠤᠳᠠᠯ ᠤᠨ ᠬᠣᠷᠢᠶᠠᠨ ᠤ ᠶᠡᠷᠦᠩᠬᠡᠶ ᠰᠠᠶᠢᠳ ᠢᠶᠠᠷ ᠲᠣᠮᠢᠯᠠᠬᠤ ᠪᠠᠷ ᠲᠣᠭᠲᠠᠪᠠ᠃ ᠡᠨᠡ ᠤᠳᠠᠭᠠᠨ ᠤ ᠶᠡᠬᠡ ᠬᠤᠷᠠᠯ ᠠᠴᠠ ᠪᠠᠲᠤᠯᠠᠭᠰᠠᠨ ᠦᠨᠳᠦᠰᠦᠨ ᠬᠠᠤᠯᠢ ᠪᠠ ᠪᠤᠰᠤᠳ ᠬᠠᠤᠯᠢ ᠨᠢ ᠨᠡᠶᠢᠭᠡᠮ ᠵᠢᠷᠤᠮᠲᠤ ᠠᠷᠠᠳᠴᠢᠯᠠᠯ ᠢ ᠪᠠᠳᠠᠷᠠᠭᠤᠯᠬᠤ ᠪᠠ ᠨᠡᠶᠢᠭᠡᠮ ᠵᠢᠷᠤᠮᠲᠤ ᠬᠠᠤᠯᠢ ᠳᠦᠷᠢᠮ ᠢ ᠪᠤᠢ ᠪᠣᠯᠭᠠᠬᠤ ᠳᠤ ᠠᠩᠬᠠ ᠠᠯᠬᠤᠮ ᠤᠨ ᠰᠠᠭᠤᠷᠢ ᠶᠢ ᠲᠠᠯᠪᠢᠵᠤ ᠥᠭᠴᠡᠢ᠃