ᠵᠤᠬᠢᠶᠠᠭᠴᠢ: 
							ᠴᠠᠭ:2021-10-28
							ᠥᠵᠡᠭᠰᠡᠨ :  ℃
                                                        ᠢᠷᠡᠯᠲᠡ:        
						
						
							ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠤᠳᠠᠭᠠ ᠶᠢᠨ ᠪᠥᠬᠥ ᠤᠯᠤᠰ ᠤᠨ ᠲᠥᠯᠥᠭᠡᠯᠡᠭᠴᠢᠳ ᠦᠨ ᠶᠡᠬᠡ ᠬᠤᠷᠠᠯ ᠬᠤᠷᠠᠯᠳᠤᠪᠠ						
						
						2017 ᠣᠨ ᠤ 10 ᠰᠠᠷᠠ ᠶᠢᠨ 18 ᠋ ᠤ ᠡᠳᠦᠷ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠤᠳᠠᠭᠠ ᠶᠢᠨ ᠪᠦᠬᠦ ᠤᠯᠤᠰ ᠤᠨ ᠲᠥᠯᠥᠭᠡᠯᠡᠭᠴᠢᠳ ᠦᠨ ᠶᠡᠬᠡ ᠬᠤᠷᠠᠯ ᠬᠤᠷᠠᠯᠳᠤᠪᠠ᠃ ᠶᠡᠬᠡ ᠬᠤᠷᠠᠯ ᠠᠴᠠ ᠪᠠᠲᠤᠯᠠᠭᠰᠠᠨ 《 ᠴᠢᠨᠡᠭᠡᠯᠢᠭ ᠨᠡᠶᠢᠭᠡᠮ ᠢ ᠪᠦᠬᠦ ᠲᠠᠯᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠂ ᠰᠢᠨᠡ ᠴᠠᠭ ᠦᠶᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠠᠭᠤᠤ ᠶᠡᠬᠡ ᠢᠯᠠᠯᠲᠠ ᠶᠢ ᠲᠡᠮᠡᠴᠡᠨ ᠣᠯᠰᠤᠭᠠᠢ 》   ᠂ ᠳᠤᠮᠳᠠᠳᠤ ᠤᠯᠤᠰ ᠤᠨ ᠣᠨᠴᠠᠯᠢᠭ ᠲᠠᠶ ᠨᠡᠶᠢᠭᠡᠮ ᠵᠢᠷᠤᠮ ᠰᠢᠨᠡ ᠴᠠᠭ ᠦᠶᠡ ᠳᠦ ᠂ ᠮᠠᠨ ᠤ ᠤᠯᠤᠰ ᠤᠨ ᠨᠡᠶᠢᠭᠡᠮ ᠦᠨ ᠭᠣᠣᠯ ᠵᠥᠷᠢᠴᠡᠯ ᠨᠢᠭᠡᠨᠲᠡ ᠠᠷᠠᠳ ᠲᠦᠮᠡᠨ ᠦ ᠡᠳᠦᠷ ᠢᠷᠡᠬᠦᠶᠡ ᠨᠡᠮᠡᠭᠳᠡᠵᠦ ᠪᠠᠶᠢᠭᠠ ᠰᠠᠢᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠪᠣᠯᠤᠨ ᠲᠡᠩᠴᠡᠭᠦᠷᠢ ᠥᠭᠡᠢ ᠭᠦᠢᠴᠡᠳ ᠬᠥᠭᠵᠢᠯᠲᠡ ᠶᠢᠨ ᠬᠣᠭᠣᠷᠣᠨᠳᠣᠬᠢ ᠵᠥᠷᠢᠴᠡᠯ   ᠵᠡᠷᠭᠡ ᠴᠢᠬᠤᠯᠠ ᠶᠡᠬᠡ ᠤᠯᠤᠰ ᠲᠥᠷᠥ ᠶᠢᠨ ᠨᠤᠲᠠᠯᠠᠯᠲᠠ  ᠂ ᠰᠢ ᠶᠢᠨ ᠫᠢᠩ ᠦᠨ ᠰᠢᠨᠡ ᠴᠠᠭ ᠦᠶᠡ ᠶᠢᠨ ᠳᠤᠮᠳᠠᠳᠤ ᠤᠯᠤᠰ ᠤᠨ ᠣᠨᠴᠠᠯᠢᠭ ᠲᠠᠶ ᠨᠡᠶᠢᠭᠡᠮ ᠵᠢᠷᠤᠮ ᠤᠨ ᠦᠵᠡᠯ ᠰᠠᠨᠠᠭᠠᠨ ᠤ ᠲᠡᠦᠬᠡᠨ ᠪᠠᠶᠢᠷᠢ ᠰᠠᠭᠤᠷᠢ ᠶᠢ ᠂ ᠰᠢᠨᠡ ᠴᠠᠭ ᠣᠶᠢᠶᠠ ᠳᠤ ᠳᠤᠮᠳᠠᠳᠤ ᠤᠯᠤᠰ ᠠᠴᠠ ᠣᠨᠴᠠᠯᠢᠭ ᠪᠦᠬᠦᠢ ᠨᠡᠶᠢᠭᠡᠮ ᠵᠢᠷᠤᠮ ᠢ ᠪᠠᠷᠢᠮᠲᠠᠯᠠᠨ ᠬᠥᠭᠵᠢᠭᠦᠯᠬᠦ ᠦᠨᠳᠦᠰᠦᠨ ᠠᠷᠭᠠ ᠪᠣᠳᠣᠯᠭᠠ ᠶᠢ ᠂ ᠴᠢᠨᠡᠭᠡᠯᠢᠭ ᠨᠡᠶᠢᠭᠡᠮ ᠢ ᠪᠦᠬᠦ ᠲᠠᠯᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ  ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯᠠ ᠪᠠᠷ ᠪᠦᠲᠦᠭᠡᠨ ᠪᠠᠶᠢᠭᠤᠯᠬᠤ ᠰᠢᠨᠡ ᠠᠶᠠᠨ  ᠢ ᠡᠬᠢᠯᠡᠭᠦᠯᠬᠦ ᠬᠠᠷᠠᠯᠲᠠ  ᠃ ᠶᠡᠬᠡ ᠬᠤᠷᠠᠯ ᠠᠴᠠ 《 ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ ( ᠵᠠᠰᠠᠪᠤᠷᠢ ᠲᠥᠰᠦᠯ ) 》 ᠋ ᠢ ᠪᠠᠲᠤᠯᠠᠵᠤ ᠂ ᠰᠢ ᠶᠢᠨ ᠫᠢᠩ ᠦᠨ ᠰᠢᠨᠡ ᠴᠠᠭ ᠦᠶᠡ ᠶᠢᠨ ᠳᠤᠮᠳᠠᠳᠤ ᠤᠯᠤᠰ ᠤᠨ ᠣᠨᠴᠠᠯᠢᠭ ᠲᠠᠶ ᠨᠡᠶᠢᠭᠡᠮ ᠵᠢᠷᠤᠮ ᠤᠨ ᠦᠵᠡᠯ ᠰᠠᠨᠠᠭᠠ ᠶᠢ ᠮᠠᠷᠺᠰ ᠯᠧᠨᠢᠨ ᠦ ᠦᠵᠡᠯ ᠂ ᠮᠠᠤ ᠽᠸ᠋ ᠳ᠋ᠦᠩ ᠦᠨ ᠦᠵᠡᠯ ᠰᠠᠨᠠᠭᠠ ᠂ ᠳ᠋ᠧᠩ ᠰᠢᠶᠤᠤ ᠫᠢᠩ ᠦᠨ ᠤᠨᠤᠯ ᠂ 《 ᠭᠤᠷᠪᠠ ᠶᠢ ᠲᠥᠯᠥᠭᠡᠯᠡᠬᠦ 》 ᠴᠢᠬᠤᠯᠠ ᠦᠵᠡᠯ ᠰᠠᠨᠠᠭᠠ ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ ᠲᠡᠶ ᠬᠠᠮᠲᠤ    ᠨᠠᠮ ᠤᠨ ᠵᠢᠯᠣᠭᠣᠳᠬᠤ ᠦᠵᠡᠯ ᠰᠠᠨᠠᠭᠠ ᠪᠣᠯᠭᠠᠨ ᠲᠣᠭᠲᠠᠭᠠᠭᠰᠠᠨ ᠤ ᠬᠠᠮᠲᠤ ᠨᠠᠮ ᠤᠨ ᠲᠦᠷᠢᠮ ᠳᠦ ᠪᠢᠴᠢᠵᠦ ᠣᠷᠣᠭᠤᠯᠪᠠ᠃