ᠵᠤᠬᠢᠶᠠᠭᠴᠢ: 
							ᠴᠠᠭ:2021-09-16
							ᠥᠵᠡᠭᠰᠡᠨ :  ℃
                                                        ᠢᠷᠡᠯᠲᠡ: ᠥᠪᠥᠷ ᠮᠣᠩᠭᠣᠯ ᠤᠨ ᠣᠷᠣᠨ ᠨᠤᠲᠤᠭ ᠤᠨ ᠣᠢᠯᠠᠯᠭ ᠠ ᠶᠢᠨ ᠣᠯᠠᠨ ᠨᠡᠢᠲᠡ ᠶᠢᠨ  ᠲᠠᠪᠴᠠᠩ
						
						
							ᠲᠡᠦᠬᠡᠨ ᠳᠡᠬᠢ ᠥᠨᠥᠳᠦᠷ᠂ ᠰᠢᠨ ᠡ ᠤᠯᠤᠰ ᠲᠥᠷᠥ ᠶᠢᠨ ᠵᠥᠪᠯᠡᠯᠭᠡᠨ ᠦ ᠬᠤᠷᠠᠯ ᠤᠨ ᠪᠡᠯᠡᠳᠬᠡᠯ  ᠬᠤᠷᠠᠯ ᠤᠨ ᠬᠣᠶᠠᠳᠤᠭᠠᠷ ᠪᠦᠭᠦᠳᠡ ᠬᠤᠷᠠᠯ						
						
						1949 ᠣᠨ ᠤ 9 ᠳ᠋ᠦᠭᠡᠷ ᠰᠠᠷ ᠠ ᠶᠢᠨ 17 ᠦ ᠡᠳᠦᠷ᠂ ᠰᠢᠨ ᠡ ᠤᠯᠤᠰ ᠲᠥᠷᠥ ᠶᠢᠨ ᠵᠥᠪᠯᠡᠯᠭᠡᠨ ᠦ ᠬᠤᠷᠠᠯ ᠤᠨ ᠪᠡᠯᠡᠳᠬᠡᠯ ᠬᠤᠷᠠᠯ ᠤᠨ ᠬᠣᠶᠠᠳᠤᠭᠠᠷ ᠪᠦᠭᠦᠳᠡ ᠬᠤᠷᠠᠯ ᠪᠡᠢᠫᠢᠩ ᠳ᠋ᠦ ᠬᠤᠷᠠᠯᠳᠤᠪᠠ᠂ ᠪᠠᠢᠩᠭᠤ ᠶᠢᠨ ᠭᠡᠰᠢᠭᠦᠳ ᠦᠨ ᠬᠤᠷᠠᠯ ᠤᠨ ᠳᠡᠳ᠋ ᠡᠷᠬᠢᠯᠡᠭᠴᠢ ᠵᠸᠦ ᠡᠸᠨ ᠯᠠᠢ 3 ᠰᠠᠷ ᠠ ᠶᠢᠨ ᠪᠡᠯᠡᠳᠬᠡᠯ ᠠᠵᠢᠯ ᠤᠨ ᠮᠡᠳᠡᠭᠦᠯᠦᠯᠲᠡ ᠬᠢᠪᠡ᠃ ᠬᠤᠷᠠᠯ ᠤᠨ ᠭᠡᠰᠢᠭᠦᠳ< ᠰᠢᠨ ᠡ ᠤᠯᠤᠰ ᠲᠥᠷᠥ ᠶᠢᠨ ᠵᠥᠪᠯᠡᠯᠭᠡᠨ ᠦ ᠬᠤᠷᠠᠯ> ᠶᠢ< ᠳᠤᠮᠳᠠᠳᠤ ᠤᠯᠤᠰ ᠤᠨ ᠠᠷᠠᠳ ᠤᠨ ᠵᠥᠪᠯᠡᠯᠭᠡᠨ ᠦ ᠬᠤᠷᠠᠯ > ᠭᠡᠵᠦ ᠥᠭᠡᠷᠡᠴᠢᠯᠡᠬᠦ ᠶᠢ ᠵᠥᠪᠰᠢᠶᠡᠷᠡᠪᠡ᠃ ᠬᠤᠷᠠᠯ ᠤᠨ ᠪᠦᠬᠦ ᠭᠡᠰᠢᠭᠦᠳ < ᠳᠤᠮᠳᠠᠳᠤ ᠤᠯᠤᠰ ᠤᠨ ᠠᠷᠠᠳ ᠤᠨ ᠵᠥᠪᠯᠡᠯᠭᠡᠨ ᠦ ᠬᠤᠷᠠᠯ ᠦᠨ ᠵᠣᠬᠢᠶᠠᠨ ᠪᠠᠢᠭᠤᠯᠤᠯᠲᠠ ᠶᠢᠨ ᠬᠠᠤᠯᠢ ᠲᠥᠰᠥᠯ >᠂ < ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠲᠥᠪ ᠤᠨ ᠠᠷᠠᠳ ᠤᠨ ᠵᠠᠰᠠᠭ ᠤᠨ ᠣᠷᠳᠣᠨ ᠤ ᠵᠣᠬᠢᠶᠠᠨ ᠪᠠᠢᠭᠤᠯᠤᠯᠲᠠ ᠶᠢᠨ ᠬᠠᠤᠯᠢ ᠲᠥᠰᠥᠯ >  ᠶᠢ ᠵᠥᠪᠰᠢᠶᠡᠷᠡᠪᠡ᠃