ᠵᠤᠬᠢᠶᠠᠭᠴᠢ: 
							ᠴᠠᠭ:2022-01-07
							ᠥᠵᠡᠭᠰᠡᠨ :  ℃
                                                        ᠢᠷᠡᠯᠲᠡ:         
						
						
							ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠣᠷᠢᠶᠠ 《 ᠨᠢᠭᠡᠳᠦᠮᠡᠯ ᠹᠷᠣᠨᠲ᠋ ᠤᠨ ᠠᠵᠢᠯ ᠢ ᠴᠢᠩᠭᠠᠳᠬᠠᠬᠤ ᠲᠤᠬᠠᠶ ᠲᠣᠭᠲᠠᠭᠠᠯ 》 						
						
						
 
2000 ᠣᠨ ᠤ 12  ᠰᠠᠷᠠ ᠶᠢᠨ 31  ᠦ ᠡᠳᠦᠷ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠣᠷᠢᠶᠠ 《 ᠨᠢᠭᠡᠳᠦᠮᠡᠯ ᠹᠷᠥᠡᠲᠤᠨ ᠠᠵᠢᠯ ᠢ ᠴᠢᠩᠭᠠᠳᠬᠠᠬᠤ ᠲᠤᠬᠠᠶ ᠲᠣᠭᠲᠠᠭᠠᠯ 》  ᠢ ᠨᠡᠶᠢᠲᠡᠯᠡᠪᠡ᠃ ᠲᠣᠭᠲᠠᠭᠠᠯ ᠳᠤ ᠄ ᠨᠢᠭᠡᠳᠦᠮᠡᠯ ᠹᠷᠣᠨᠲ᠋ ᠪᠣᠯ ᠮᠠᠨ ᠤ ᠨᠠᠮ ᠤᠨ ᠴᠢᠬᠤᠯᠠ ᠡᠷᠳᠡᠨᠢ ᠮᠥᠨ ᠂ 21  ᠵᠠᠭᠤᠨ ᠳᠤ ᠦᠨᠳᠦᠰᠦᠲᠡᠨ ᠦ ᠬᠥᠭᠵᠢᠯ ᠮᠠᠨᠳᠤᠯ ᠪᠠ ᠡᠭᠡ  ᠢᠶᠠᠨ ᠨᠢᠭᠡᠳᠬᠡᠬᠦ ᠦᠢᠯᠡᠰ ᠢ ᠪᠡᠶᠡᠯᠡᠭᠦᠯᠬᠦ ᠳᠦ ᠣᠷᠣᠯᠠᠭᠤᠯᠵᠤ ᠪᠣᠯᠤᠰᠢ ᠦᠭᠡᠢ ᠴᠢᠬᠤᠯᠠ ᠦᠢᠯᠡᠳᠦᠯ ᠲᠡᠶ ᠶᠤᠮ᠃ ᠲᠡᠦᠬᠡᠨ ᠰᠢᠨᠡ ᠨᠥᠬᠥᠴᠡᠯ ᠳᠣᠣᠷᠠᠬᠢ ᠨᠢᠭᠡᠳᠦᠮᠡᠯ ᠹᠷᠥᠡᠲᠤᠨ ᠳᠣᠲᠣᠭᠠᠳᠤ ᠶᠢᠨ ᠪᠦᠷᠢᠯᠳᠦᠯ ᠳᠦ ᠭᠠᠷᠤᠭᠰᠠᠨ ᠭᠦᠨᠵᠡᠭᠡᠢ ᠬᠤᠪᠢᠷᠠᠯᠲᠠ ᠳᠤ ᠵᠣᠬᠢᠴᠠᠭᠤᠯᠤᠨ ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠢ ᠪᠦᠳᠦᠭᠡᠨ ᠪᠠᠶᠢᠭᠤᠯᠬᠤ ᠪᠠᠷ ᠰᠠᠭᠤᠷᠢ ᠪᠣᠯᠭᠠᠵᠤ ᠂ ᠡᠬᠡ ᠬᠠᠭᠤᠷᠠᠢ ᠶᠢᠨ ᠠᠷᠠᠳ ᠲᠦᠮᠡᠨ ᠦ ᠪᠦᠯᠬᠦᠮᠳᠡᠯ ᠢ ᠪᠡᠶᠡᠯᠡᠭᠦᠯᠬᠦ ᠬᠡᠷᠡᠭᠲᠡᠢ ᠂ ᠰᠢᠶᠠᠩᠭᠠᠩ ᠣᠣᠮᠧᠨ ᠦ ᠤᠷᠲᠤ ᠬᠤᠭᠤᠴᠠᠭᠠᠨ ᠤ ᠲᠣᠭᠲᠠᠭᠤᠨ ᠴᠡᠴᠡᠭᠯᠡᠯ ᠬᠥᠭᠵᠢᠯ ᠢ ᠠᠬᠢᠭᠤᠯᠬᠤ ᠪᠠ ᠡᠬᠡ  ᠪᠦᠷᠢᠨ ᠨᠢᠭᠡᠳᠦᠯ ᠢ ᠬᠦᠷᠢᠶᠡᠯᠡᠬᠦ ᠪᠡᠷ ᠰᠠᠭᠤᠷᠢ ᠪᠣᠯᠭᠠᠵᠤ ᠂ ᠡᠬᠡ ᠬᠠᠭᠤᠷᠠᠢ ᠶᠢᠨ ᠠᠬᠠ ᠳᠡᠭᠦᠦ ᠨᠡᠷ ᠪᠣᠯᠤᠨ ᠰᠢᠶᠠᠩᠭᠠᠩ ᠣᠣᠮᠧᠨ ᠲᠠᠶᠢᠸᠠᠨ ᠤ ᠠᠬᠠ ᠳᠡᠭᠦᠦ ᠨᠡᠷ ᠦᠨ ᠪᠦᠯᠬᠦᠮᠳᠡᠯ ᠢ ᠪᠡᠶᠡᠯᠡᠭᠦᠯᠦᠨᠡ ᠃ ᠳᠤᠮᠳᠠᠳᠤ ᠶᠢᠨ ᠦᠨᠳᠦᠰᠦᠲᠡᠨ ᠦ ᠠᠭᠤᠤ ᠶᠡᠬᠡ ᠰᠡᠷᠭᠦᠨ ᠮᠠᠨᠳᠤᠯᠲᠠ ᠶᠢ ᠠᠬᠢᠭᠤᠯᠬᠤ ᠪᠠᠷ ᠰᠠᠭᠤᠷᠢ ᠪᠣᠯᠭᠠᠵᠤ ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠦᠬᠦ ᠳᠤᠮᠳᠠᠳᠤ ᠶᠢᠨ ᠬᠥᠪᠡᠭᠦᠳ ᠥᠬᠢᠳ ᠦᠨ ᠪᠦᠯᠬᠦᠮᠳᠡᠯ ᠢ ᠪᠡᠶᠡᠯᠡᠭᠦᠯᠦᠨᠡ᠃ ᠨᠠᠮ ᠤᠨ ᠨᠢᠭᠡᠳᠦᠮᠡᠯ ᠹᠷᠥᠡᠲᠤᠨ ᠤᠳᠤᠷᠢᠳᠬᠤ ᠡᠷᠬᠡ ᠶᠢ ᠪᠠᠷᠢᠮᠲᠠᠯᠠᠵᠤ ᠂ ᠶᠡᠬᠡ ᠪᠦᠯᠬᠦᠮᠳᠡᠯ ᠶᠡᠬᠡ ᠬᠣᠯᠪᠣᠭᠠᠯᠠᠯ ᠤᠨ ᠭᠣᠣᠯ ᠰᠡᠳᠦᠪ ᠢ ᠪᠠᠷᠢᠮᠲᠠᠯᠠᠵᠤ ᠂ ᠨᠠᠮ ᠪᠠ ᠤᠯᠤᠰ ᠣᠷᠣᠨ ᠤ ᠭᠣᠣᠯ ᠡᠭᠦᠷᠭᠡ ᠳᠦ ᠦᠢᠯᠡᠴᠢᠯᠡᠬᠦ ᠬᠡᠷᠡᠭᠲᠡᠢ᠃