ᠵᠤᠬᠢᠶᠠᠭᠴᠢ: 
							ᠴᠠᠭ:2022-01-14
							ᠥᠵᠡᠭᠰᠡᠨ :  ℃
                                                        ᠢᠷᠡᠯᠲᠡ:         
						
						
							2010 ᠣᠨ ᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠦᠨ ᠱᠠᠩᠨᠠᠯ ᠤᠨ ᠶᠡᠬᠡ ᠬᠤᠷᠠᠯ ᠦᠪᠡᠳᠡᠭᠰᠢ ᠶᠡᠬᠡ ᠪᠡᠷ ᠶᠠᠪᠤᠭᠳᠠᠪᠠ						
						
						 
2011 ᠣᠨ ᠤ 1  ᠰᠠᠷᠠ ᠶᠢᠨ 14  ᠦ ᠡᠳᠦᠷ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠣᠷᠢᠶᠠ ᠂ ᠲᠥᠷᠥ ᠶᠢᠨ ᠶᠠᠪᠤᠳᠠᠯ ᠤᠨ ᠬᠣᠷᠢᠶᠠ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠦᠨ ᠱᠠᠩᠨᠠᠨ ᠬᠥᠬᠢᠭᠦᠯᠬᠦ ᠶᠡᠬᠡ ᠬᠤᠷᠠᠯ ᠢ ᠬᠤᠷᠠᠯᠳᠤᠭᠤᠯᠪᠠ᠃  ᠵᠢᠨ ᠲᠤᠤ 2010 ᠣᠨ ᠤ ᠤᠯᠤᠰ ᠤᠨ ᠬᠠᠮᠤᠭ ᠤᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠦᠨ ᠱᠠᠩᠨᠠᠯ ᠣᠯᠤᠭᠰᠠᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠦᠨ ᠠᠺᠠᠳᠧᠮᠢᠴᠢ ᠂ ᠳᠤᠮᠳᠠᠳᠤ ᠤᠯᠤᠰ ᠤᠨ ᠢᠨᠵᠧᠨᠧᠷᠢᠩ ᠦᠨ ᠬᠦᠷᠢᠶᠡᠯᠡᠩ ᠦᠨ ᠠᠺᠠᠳᠧᠮᠢᠴᠢ ᠂ ᠠᠯᠳᠠᠷᠲᠤ ᠮᠠᠲ᠋ᠧᠷᠢᠶᠠᠯ ᠤᠨ ᠰᠢᠨᠵᠢᠯᠡᠬᠦ ᠤᠬᠠᠭᠠᠨᠲᠠᠨ ᠱᠢ ᠴᠠᠩ ᠰᠢᠤᠢ ᠪᠣᠯᠤᠨ ᠳᠤᠮᠳᠠᠳᠤ ᠤᠯᠤᠰ ᠤᠨ ᠢᠨᠵᠧᠨᠧᠷᠢᠩ ᠦᠨ ᠬᠦᠷᠢᠶᠡᠯᠡᠩ ᠦᠨ ᠠᠺᠠᠳᠧᠮᠢᠴᠢ ᠂ ᠠᠯᠳᠠᠷᠲᠤ ᠴᠢᠰᠤᠨ ᠤ  ᠲᠤᠰᠬᠠᠶ ᠮᠡᠷᠭᠡᠵᠢᠯᠲᠡᠨ ᠸᠠᠩ ᠵᠧᠨ ᠢ ᠳᠦ ᠱᠠᠩᠨᠠᠯ ᠤᠨ ᠦᠨᠡᠮᠯᠡᠯ ᠭᠠᠷᠳᠠᠭᠤᠯᠵᠠᠶ᠃ 2010 ᠣᠨ ᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠦᠨ ᠱᠠᠩᠨᠠᠯ ᠳᠤ ᠨᠡᠶᠢᠲᠡ 356 ᠵᠦᠶᠯ ᠦᠨ ( ᠬᠥᠮᠦᠨ ) ᠱᠠᠩᠨᠠᠯ ᠭᠥᠷᠳᠡᠪᠡ᠃ ᠡᠭᠦᠨ ᠳᠦ ᠂ ᠤᠯᠤᠰ ᠤᠨ ᠬᠠᠮᠤᠭ ᠤᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠦᠨ ᠱᠠᠩᠨᠠᠯ ᠬᠦᠷᠲᠡᠭᠴᠢ 2 ᠬᠥᠮᠦᠨ ᠪᠣᠶ  ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ  ᠵᠦᠶᠯᠡᠰ 30  ᠂ ᠡᠭᠦᠨ ᠳᠦ ᠨᠢᠭᠡᠳᠦᠭᠡᠷ ᠳᠡᠰ ᠤᠨ ᠱᠠᠩᠨᠠᠯ ᠬᠣᠭᠣᠰᠣᠨ ᠂ ᠬᠣᠶᠠᠳᠤᠭᠠᠷ ᠳᠡᠰ ᠤᠨ ᠱᠠᠩᠨᠠᠯ 30 ᠪᠣᠶ  ᠤᠯᠤᠰ ᠤᠨ ᠮᠡᠷᠭᠡᠵᠢᠯ ᠦᠨ ᠡᠭᠦᠳᠦᠯᠲᠡ ᠶᠢᠨ ᠱᠠᠩᠨᠠᠯ 46 ᠲᠥᠷᠥᠯ  ᠂ ᠡᠭᠦᠨ ᠳᠦ ᠨᠢᠭᠡᠳᠦᠭᠡᠷ ᠳᠡᠰ ᠤᠨ ᠱᠠᠩᠨᠠᠯ 2 ᠲᠥᠷᠥᠯ ᠂ ᠬᠣᠶᠠᠳᠤᠭᠠᠷ ᠳᠡᠰ ᠤᠨ ᠱᠠᠩᠨᠠᠯ 44 ᠲᠥᠷᠥᠯ ᠪᠤᠶ  ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠦᠨ ᠳᠠᠪᠰᠢᠯᠲᠠ ᠶᠢᠨ ᠱᠠᠩᠨᠠᠯ 273 ᠲᠥᠷᠥᠯ  ᠂ ᠡᠭᠦᠨ ᠳᠦ ᠣᠨᠴᠠ ᠳᠡᠰ ᠤᠨ ᠱᠠᠩᠨᠠᠯ 3 ᠲᠥᠷᠥᠯ ᠂ ᠨᠢᠭᠡᠳᠦᠭᠡᠷ ᠳᠡᠰ ᠤᠨ ᠱᠠᠩᠨᠠᠯ 31 ᠲᠥᠷᠥᠯ ᠂ ᠬᠣᠶᠠᠳᠤᠭᠠᠷ ᠳᠡᠰ ᠤᠨ ᠱᠠᠩᠨᠠᠯ 239 ᠲᠥᠷᠥᠯ ᠪᠣᠶ  5 ᠭᠠᠳᠠᠭᠠᠳᠤ ᠶᠢᠨ ᠰᠢᠨᠵᠢᠯᠡᠬᠦ ᠤᠬᠠᠭᠠᠨᠲᠠᠨ ᠳᠤ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠦᠨ ᠬᠠᠮᠲᠤᠷᠠᠯᠴᠠᠭᠠᠨ ᠤ ᠱᠠᠩᠨᠠᠯ ᠣᠯᠭᠣᠪᠠ᠃