ᠵᠤᠬᠢᠶᠠᠭᠴᠢ: 
							ᠴᠠᠭ:2022-01-28
							ᠥᠵᠡᠭᠰᠡᠨ :  ℃
                                                        ᠢᠷᠡᠯᠲᠡ:         
						
						
							ᠬᠦᠦ ᠲᠦᠷᠢᠶᠡᠰᠦ ᠶᠢ ᠬᠥᠩᠭᠡᠯᠡᠬᠦ ᠲᠦᠷᠦ ᠶᠢᠨ ᠪᠤᠳᠤᠯᠭᠠ ᠶᠢ  						
						
						 
1942 ᠣᠨ ᠤ 1  ᠰᠠᠷᠠ ᠶᠢᠨ 28  ᠤ ᠡᠳᠦᠷ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠣᠷᠢᠶᠠ 《 ᠶᠠᠫᠣᠨ ᠢ ᠡᠰᠡᠷᠭᠦᠴᠡᠬᠦ ᠰᠠᠭᠤᠷᠢᠨ ᠭᠠᠵᠠᠷ ᠤᠨ ᠭᠠᠵᠠᠷ  ᠲᠥᠷᠥ ᠶᠢᠨ ᠪᠣᠳᠣᠯᠭᠠ ᠶᠢᠨ ᠲᠤᠬᠠᠶ ᠲᠣᠭᠲᠠᠭᠠᠯ 》  ᠢ ᠨᠡᠶᠢᠲᠡᠯᠡᠪᠡ᠃ 2  ᠰᠠᠷᠠ ᠶᠢᠨ 4  ᠦ ᠡᠳᠦᠷ ᠂ ᠪᠠᠰᠠ 《 ᠭᠠᠵᠠᠷ  ᠲᠦᠷᠦ ᠶᠢᠨ ᠪᠤᠳᠤᠯᠭᠠ ᠶᠢᠨ ᠲᠣᠭᠲᠠᠭᠠᠯ ᠢ ᠬᠡᠷᠬᠢᠨ ᠬᠡᠷᠡᠭᠵᠢᠭᠦᠯᠬᠦ ᠲᠤᠬᠠᠢ ᠵᠢᠭᠠᠪᠤᠷᠢ 》  ᠶᠢ ᠨᠡᠶᠢᠲᠡᠯᠡᠪᠡ᠃ ᠬᠣᠶᠠᠷ ᠪᠢᠴᠢᠭ ᠮᠠᠲ᠋ᠧᠷᠢᠶᠠᠯ ᠳᠤ ᠄ ᠬᠦᠦ ᠲᠦᠷᠢᠶᠡᠰᠦ ᠬᠥᠩᠭᠡᠯᠡᠬᠦ ᠲᠦᠷᠦ ᠶᠢᠨ ᠪᠤᠳᠤᠯᠭᠠ ᠶᠢᠨ ᠵᠣᠷᠢᠯᠭᠠ ᠪᠣᠯ  ᠢ ᠲᠡᠳᠬᠦᠨ ᠲᠤᠰᠠᠯᠠᠵᠤ ᠂ ᠹᠸᠤᠳᠠᠯ ᠤᠨ ᠮᠥᠯᠵᠢᠯ ᠢ ᠬᠥᠩᠭᠡᠷᠡᠭᠦᠯᠦᠨ ᠂   ᠠᠮᠢᠳᠤᠷᠠᠯ ᠢ ᠰᠠᠶᠢᠵᠢᠷᠠᠭᠤᠯᠵᠤ ᠂  ᠶᠠᠫᠣᠨ ᠢ ᠡᠰᠡᠷᠭᠦᠴᠡᠬᠦ ᠪᠠ ᠦᠢᠯᠡᠳᠪᠦᠷᠢᠯᠡᠯ ᠦᠨ ᠢᠳᠡᠪᠬᠢᠵᠢᠯ ᠢ ᠳᠡᠭᠡᠭᠰᠢᠯᠡᠭᠦᠯᠬᠦ ᠶᠢᠨ ᠲᠥᠯᠥᠭᠡ ᠶᠤᠮ  ᠬᠦᠦ ᠲᠦᠷᠢᠶᠡᠰᠦ ᠶᠢ ᠬᠥᠩᠭᠡᠯᠡᠭᠰᠡᠨ ᠦ ᠲᠠᠷᠠᠭᠠ ᠂ ᠡᠷᠬᠡᠪᠰᠢ ᠬᠦᠦ ᠲᠦᠷᠢᠶᠡᠰᠦ ᠲᠤᠰᠢᠶᠠᠵᠤ ᠂ ᠭᠠᠵᠠᠷ ᠤᠨ ᠡᠵᠡᠨ ᠦ ᠭᠠᠵᠠᠷ ᠲᠠᠷᠢᠶᠠᠨ ᠤ ᠡᠷᠬᠡ ᠂ ᠡᠳ᠋ ᠦᠨ ᠡᠷᠬᠡ ᠪᠠ ᠬᠥᠮᠦᠨ ᠦ ᠡᠷᠬᠡ ᠶᠢ ᠪᠠᠲᠤᠯᠠᠵᠤ ᠂ ᠭᠠᠵᠠᠷ ᠤᠨ ᠡᠵᠡᠨ ᠠᠨᠭᠭᠢ ᠲᠠᠶ ᠬᠣᠯᠪᠣᠭᠠᠯᠠᠨ ᠬᠠᠮᠲᠤ ᠪᠠᠷ ᠶᠠᠫᠣᠨ ᠢ ᠡᠰᠡᠷᠭᠦᠴᠡᠬᠦ ᠬᠡᠷᠡᠭᠲᠡᠢ  ᠪᠠᠶᠠᠨ ᠲᠠᠷᠢᠶᠠᠴᠢᠨ ᠳᠤ ᠠᠪᠴᠤ ᠬᠡᠯᠡᠪᠡᠯ ᠹᠸᠤᠳᠠᠯ ᠤᠨ ᠬᠡᠰᠡᠭ ᠢ ᠨᠢ ᠰᠤᠯᠠᠷᠠᠭᠤᠯᠵᠤ ᠂ ᠬᠥᠷᠥᠩᠭᠡᠲᠦ ᠶᠣᠰᠣᠨ ᠤ ᠬᠡᠰᠡᠭ ᠢ ᠨᠢ ᠬᠥᠭᠵᠢᠭᠦᠯᠬᠦ ᠶᠢ ᠵᠣᠷᠢᠭᠵᠢᠭᠤᠯᠤᠨᠠ᠃ ᠪᠢᠴᠢᠭ ᠮᠠᠲ᠋ᠧᠷᠢᠶᠠᠯ  ᠡᠯᠡ ᠴᠢᠯᠥᠭᠡᠯᠡᠭᠳᠡᠭᠰᠡᠨ ᠣᠷᠣᠨ ᠢ ᠵᠢᠯᠣᠭᠣᠳᠤᠨ ᠶᠡᠬᠡ ᠬᠡᠪᠴᠢᠶᠡᠨ ᠦ ᠬᠦᠦ ᠲᠦᠷᠢᠶᠡᠰᠦ ᠶᠢ ᠬᠥᠩᠭᠡᠯᠡᠬᠦ ᠤᠯᠠᠨ ᠲᠦᠮᠡᠨᠴᠢ ᠬᠥᠳᠡᠯᠭᠡᠭᠡᠨ ᠢ ᠥᠷᠨᠢᠭᠦᠯᠪᠡ᠃